1 ᠰᠠᠷ᠎ᠠ ᠶᠢᠨ 28 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ ᠬᠡᠰᠡᠭ ᠶᠠᠳᠠᠭᠤ ᠬᠦᠴᠢᠷᠳᠡᠯᠲᠡᠢ | ᠠᠬᠠᠮᠠᠳ ᠨᠠᠮ ᠤᠨ ᠭᠡᠰᠢᠭᠦᠨ᠂ ᠠᠬᠠᠮᠠᠳ ᠴᠡᠷᠢᠭ ᠠᠴᠠ ᠬᠠᠯᠠᠭᠳᠠᠭᠰᠠᠳ ᠵᠢᠴᠢ ᠲᠦᠷᠭᠡᠨ ᠤ ᠵᠠᠮ ᠤᠨ ᠪᠠᠷᠠᠭᠤᠨ | ᠭᠠᠷᠴᠠ᠂ ᠲᠦᠷᠭᠡᠨ ᠤ ᠲᠡᠮᠦᠷ ᠵᠠᠮ ᠤᠨ ᠦᠷᠳᠡᠭᠡ᠂ ᠲᠤᠰᠠᠭᠠᠷᠯᠠᠬᠤ ᠴᠡᠭ ᠤᠨ ᠬᠢᠵᠢᠭ ᠰᠡᠷᠭᠡᠶᠢᠯᠡᠬᠦ ᠠᠵᠢᠯᠳᠠᠨ | ᠪᠣᠯᠤᠨ ᠡᠮᠴᠢ ᠰᠤᠪᠢᠯᠠᠭᠴᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠳᠣᠲᠣᠨᠣ ᠪᠠᠷ | ᠪᠣᠯᠭᠤᠭᠠᠨ ᠲᠣᠬᠤᠨᠢᠭᠤᠯᠵᠤ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠭᠰᠡᠨ | ᠪᠥᠭᠡᠳ ᠴᠠᠭᠠᠨ ᠰᠠᠷ᠎ᠠ ᠶᠢᠨ ᠮᠡᠨᠳᠦᠴᠢᠯᠡᠯ ᠪᠣᠯᠤᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ | ᠳ᠋ᠠᠩ ᠫᠦ᠋ ᠳ᠋ᠢ ᠶᠢᠨ ᠮᠠᠨᠵᠤ ᠦᠨᠳᠦᠰᠦᠲᠡᠨ ᠤ ᠰᠢᠶᠠᠩ ᠳᠤ᠂ ᠵᠦᠩ ᠴᠢᠩ ᠰᠦᠩ ᠬᠦᠴᠢᠷᠳᠡᠯᠲᠡᠢ ᠠᠬᠠᠮᠠᠳ | ᠨᠠᠮ ᠤᠨ ᠭᠡᠰᠢᠭᠦᠨ ᠪᠣᠯᠤᠨ ᠠᠬᠠᠮᠠᠳ ᠴᠡᠷᠢᠭ ᠠᠴᠠ ᠬᠠᠯᠠᠭᠳᠠᠭᠰᠠᠳ ᠲᠠᠢ ᠳᠣᠲᠣᠨᠣ ᠪᠠᠷ ᠵᠣᠭᠤᠭᠳᠠᠵᠤ᠂ ᠲᠡᠳᠡᠨ ᠤ | ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠵᠢᠴᠢ ᠠᠮᠢᠳᠤᠷᠠᠯ ᠳᠤᠮᠳᠠ ᠣᠷᠣᠰᠢᠵᠤ ᠪᠠᠶᠢᠭ᠎ᠠ | ᠬᠦᠴᠢᠷᠳᠡᠯ ᠢ ᠨᠢ ᠨᠠᠷᠢᠨ ᠣᠶᠢᠯᠠᠭᠠᠵᠤ᠂ ᠲᠡᠳᠡᠨ ᠢ ᠪᠡᠶ᠎ᠡ ᠪᠠᠨ ᠭᠠᠮᠨᠠᠵᠤ᠂ ᠪᠠᠶᠠᠰᠤᠩᠭᠤᠢ ᠰᠡᠳᠬᠢᠯᠭᠡ ᠲᠠᠢ ᠪᠠᠶᠢᠵᠤ᠂ | ᠢᠳᠡᠪᠬᠢᠲᠡᠢ ᠪᠠᠷ ᠬᠦᠴᠢᠷᠳᠡᠯ ᠳᠤ ᠬᠠᠨᠳᠤᠬᠤ ᠬᠡᠷᠡᠭᠲᠡᠢ ᠭᠡᠵᠦ ᠵᠣᠷᠢᠭᠵᠢᠭᠤᠯᠪᠠ᠃ | ᠲᠦᠷᠭᠡᠨ ᠤ ᠵᠠᠮ ᠤᠨ ᠪᠠᠷᠠᠭᠤᠨ ᠭᠠᠷᠴᠠ᠂ ᠲᠦᠷᠭᠡᠨ ᠤ ᠲᠡᠮᠦᠷ ᠵᠠᠮ ᠤᠨ ᠤᠯᠠᠭᠠᠨᠬᠠᠳᠠ ᠦᠷᠳᠡᠭᠡ᠂ | ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠴᠡᠭ ᠲᠤ᠂ ᠬᠦᠷᠦᠭᠰᠡᠨ ᠭᠠᠵᠠᠷ | ᠪᠣᠯᠭᠠᠨ ᠳᠤ᠂ ᠵᠦᠩ ᠴᠢᠩ ᠰᠦᠩ ᠠᠵᠢᠯ ᠤᠨ ᠪᠠᠶᠢᠷᠢ ᠶᠢᠨ ᠬᠠᠷᠢᠭᠤᠴᠠᠯᠭᠠᠲᠠᠨ᠂ ᠵᠢᠵᠢᠭᠦᠷᠯᠡᠵᠦ ᠪᠠᠶᠢᠭ᠎ᠠ | ᠬᠥᠮᠦᠰ ᠲᠠᠢ ᠳᠣᠲᠣᠨᠣ ᠪᠠᠷ ᠶᠠᠷᠢᠯᠴᠠᠵᠤ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠴᠠᠭᠠᠨ ᠰᠠᠷ᠎ᠠ ᠶᠢᠨ | ᠠᠮᠠᠷᠠᠯᠲᠠ ᠶᠢᠨ ᠬᠤᠭᠤᠴᠠᠭᠠᠨ ᠤ ᠵᠢᠵᠢᠭᠦᠷᠯᠡᠨ ᠰᠠᠬᠢᠬᠤ ᠲᠤᠬᠢᠷᠠᠭᠤᠯᠤᠯᠳᠠ ᠵᠢᠴᠢ ᠡᠮᠦᠨ᠎ᠡ ᠹᠷᠣᠨᠲ ᠤᠨ ᠬᠥᠮᠦᠰ ᠤᠨ | ᠠᠵᠢᠯ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠪᠣᠯᠤᠨ | ᠲᠣᠬᠤᠨᠢᠭᠤᠯᠬᠤ ᠡᠳ᠋ ᠪᠣᠳᠠᠰ ᠬᠦᠷᠭᠡᠪᠡ᠃ | ᠤᠯᠠᠭᠠᠨᠬᠠᠳᠠ ᠶᠢᠨ ᠰᠦᠩᠱᠠᠨ ᠡᠮᠨᠡᠯᠭᠡ ᠶᠢᠨ ᠬᠤᠷᠢᠶᠠᠨ ᠳᠤ᠂ ᠵᠦᠩ ᠴᠢᠩ ᠰᠦᠩ ᠨᠢᠭᠡ ᠵᠢᠯ ᠤᠨ ᠲᠤᠷᠰᠢ | ᠥᠷᠭᠡᠨ ᠤᠯᠠᠨ ᠡᠮᠴᠢᠯᠡᠭᠡᠨ ᠤ ᠠᠵᠢᠯᠳᠠᠨ ᠤ ᠪᠦᠬᠦ ᠬᠦᠴᠦ ᠪᠠᠷ ᠢᠶᠠᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠲᠠᠢ ᠲᠡᠮᠡᠴᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠤᠯᠠᠨ ᠤ ᠪᠡᠶ᠎ᠡ | ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠳᠤ ᠭᠠᠷᠭᠠᠭᠰᠠᠨ ᠰᠢᠷᠭᠠᠭᠤ ᠴᠢᠷᠮᠠᠶᠢᠯᠭ᠎ᠠ ᠳᠤ ᠴᠢᠩ | ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠤᠯᠠᠨ ᠳᠤ ᠰᠢᠨ᠎ᠡ ᠵᠢᠯ ᠤᠨ ᠵᠥᠩᠨᠡᠯ | ᠳᠡᠪᠰᠢᠭᠦᠯᠪᠡ᠃ | ᠰᠦᠩᠱᠠᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠭᠠᠵᠠᠷ ᠲᠤ᠂ | ᠵᠦᠩ ᠴᠢᠩ ᠰᠦᠩ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠰᠢᠷᠭᠠᠭᠤ ᠬᠥᠳᠡᠯᠮᠦᠷᠢ᠂ | ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ | ᠰᠠᠶᠢᠰᠢᠶᠠᠪᠠ᠃ | | | | | | | | | | | ᠁ |