ᠵᠦᠩ ᠴᠢᠩ ᠰᠦᠩ 2022 ᠣᠨ ᠤ ᠲᠤᠭᠤᠷᠢᠭ ᠤᠨ ᠵᠠᠰᠠᠭ ᠤᠨ ᠣᠷᠳᠣᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/29
    1 ᠰᠠᠷ᠎ᠠ ᠶᠢᠨ 25 ᠤ ᠡᠳᠦᠷ᠂ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ 2022 ᠣᠨ ᠤ ᠲᠤᠭᠤᠷᠢᠭ ᠤᠨ ᠵᠠᠰᠠᠭ ᠤᠨ ᠣᠷᠳᠣᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠪᠠ ᠪᠥᠬᠦ ᠲᠤᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠭᠰᠡᠨ ᠪᠠᠶᠢᠳᠠᠯ᠂ ᠳᠡᠭᠡᠳᠦ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠵᠢᠴᠢ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠪᠡᠯᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠬᠡᠷᠡᠭ ᠵᠥᠪᠯᠡᠬᠦ ᠲᠦᠷᠢᠮ ᠵᠡᠷᠭᠡ  ᠵᠦᠢᠯᠡᠰ ᠢ ᠬᠢᠨᠠᠨ ᠵᠥᠪᠯᠡᠪᠡ᠃     ᠬᠤᠷᠠᠯ ᠠᠴᠠ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠮᠥᠨ᠂ ᠲᠥᠷᠥᠯ ᠵᠦᠢᠯ ᠢᠶᠠᠷ ᠭᠤᠤᠯ ᠪᠣᠯᠭᠠᠬᠤ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ  ᠪᠣᠳᠠᠲᠠᠶ ᠠᠳᠬᠤᠨ ᠰᠠᠶᠢᠲᠤᠷ ᠠᠳᠬᠤᠵᠤ᠂ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠬᠦᠴᠦᠨ ᠢᠶᠠᠨ ᠲᠥᠪᠯᠡᠷᠡᠭᠦᠯᠵᠦ᠂ ᠬᠠᠮᠲᠤᠷᠠᠨ ᠬᠢᠨᠠᠵᠤ ᠬᠠᠮᠲᠤᠷᠠᠨ ᠭᠦᠢᠴᠡᠳᠬᠡᠨ᠂ ᠭᠠᠷᠳᠠᠮ  ᠭᠦᠢᠴᠡᠳᠬᠡᠬᠦ ᠳᠤᠮᠳᠠᠬᠢ ᠭᠤᠤᠯᠳᠠᠯᠭ᠎ᠠ ᠲᠠᠢ ᠲᠦᠪᠡᠭᠲᠡᠶ ᠠᠰᠠᠭᠤᠳᠠᠯ ᠢ ᠦᠳᠲᠡᠷ ᠲᠦᠷᠭᠡᠨ ᠰᠢᠢᠳᠪᠦᠷᠢᠯᠡᠵᠦ᠂ ᠭᠠᠷᠳᠠᠮ ᠭᠦᠢᠴᠡᠳᠬᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ᠭᠤᠤᠯᠳᠠᠯᠭ᠎ᠠ ᠲᠠᠢ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠳᠤ ᠯᠠᠪᠳᠠᠭᠤᠨ ᠪᠠᠲᠤᠲᠠᠶ ᠰᠠᠭᠤᠷᠢ ᠶᠢ ᠲᠠᠯᠪᠢᠬᠤ ᠬᠡᠷᠡᠭᠲᠡᠶ᠃     ᠬᠤᠷᠠᠯ ᠠᠴᠠ ᠴᠢᠩᠭᠠᠳᠬᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠠᠶᠤᠯᠭᠦᠢ ᠦᠢᠯᠡᠳᠪᠦᠷᠢᠯᠡᠯ ᠤᠨ ᠭᠤᠷᠪᠠᠨ ᠵᠢᠯ ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠ ᠶᠠᠪᠤᠴᠠ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠰᠢᠲᠠᠮᠠᠬᠠᠶ ᠬᠡᠢ ᠶᠢᠨ ᠠᠶᠤᠯ ᠦᠭᠡᠶ ᠶᠢ ᠵᠢᠭᠰᠠᠭᠠᠨ ᠪᠠᠶᠢᠴᠠᠭᠠᠬᠤ ᠲᠤᠰᠬᠠᠶ ᠠᠩᠭᠢ ᠪᠠᠶᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠵᠤ᠂ ᠠᠵᠢᠯ ᠤᠨ ᠲᠥᠰᠦᠯ ᠢᠶᠠᠨ ᠨᠠᠷᠢᠯᠢᠭᠵᠢᠭᠤᠯᠬᠤ ᠬᠡᠷᠡᠭᠲᠡᠶ᠃ ᠡᠯ᠎ᠡ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠲᠠᠮᠠᠬᠠᠢ ᠬᠡᠢ ᠂ ᠵᠠᠮ ᠬᠠᠷᠢᠯᠴᠠᠭ᠎ᠠ ᠲᠡᠭᠡᠭᠡᠪᠦᠷᠢ᠂ ᠬᠤᠸᠠᠷ ᠫᠤᠤᠵᠢᠩ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠭᠡᠮ ᠰᠣᠭᠤᠭ ᠢ ᠴᠤᠬᠤᠶᠢᠬᠤ ᠦᠶ᠎ᠡ ᠳᠤᠨᠢ ᠡᠷᠡᠰ ᠠᠷᠢᠯᠭᠠᠵᠤ᠂ ᠠᠷᠠᠳ ᠤᠯᠠᠨ ᠢ ᠡᠶ᠎ᠡ ᠨᠠᠶᠢᠷᠠᠮᠳᠠᠭᠤ ᠠᠮᠤᠷ ᠠᠮᠤᠭᠤᠯᠠᠩ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠢ᠃     ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠷᠢᠳᠴᠢᠯᠠᠨ ᠲᠥᠰᠦᠪᠯᠡᠵᠦ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ᠂ ᠬᠤᠲᠠ ᠪᠠᠯᠭᠠᠰᠤᠨ ᠤ ᠪᠣᠷᠣᠭᠠᠨ ᠤ ᠤᠰᠤ ᠪᠣᠬᠢᠷ ᠤᠰᠤ ᠶᠢ ᠰᠠᠯᠭᠠᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠪᠠᠷ ᠭᠤᠤᠯᠯᠠᠭᠤᠯᠤᠨ᠂ ᠱᠠᠲᠤ ᠱᠠᠲᠤ ᠪᠠᠷ ᠡᠭᠦᠷᠭᠡ ᠪᠠᠨ ᠨᠠᠷᠢᠯᠢᠭᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠪᠠᠨ ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠢᠶᠠᠨ ᠨᠠᠶᠢᠳᠠᠪᠤᠷᠢᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃     ᠬᠤᠷᠠᠯ ᠠᠴᠠ ᠴᠢᠩᠭᠠᠳᠬᠠᠭᠰᠠᠨ ᠨᠢ᠂ ᠴᠠᠭᠠᠨ ᠰᠠᠷ᠎ᠠ ᠤᠶᠢᠷᠠᠳᠬᠤ ᠳᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠥᠪᠴᠢ ᠪᠠᠨ ᠢᠮᠠᠭᠲᠠ ᠴᠢᠩᠭᠠᠯᠠᠵᠤ᠂ ᠲᠣᠰ ᠲᠣᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯ ᠢᠶᠠᠨ ᠬᠤᠪᠢᠶᠠᠷᠢᠯᠠᠨ ᠪᠣᠭᠤᠮᠲᠠ ᠰᠠᠬᠢᠵᠤ᠂ ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠬᠦᠷᠢᠶᠡᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠪᠣᠯᠪᠠᠰᠤᠷᠠᠯ ᠢ ᠴᠢᠨᠠᠭᠰᠢᠳᠠ ᠴᠢᠩᠭᠠᠳᠬᠠᠵᠤ᠂ ᠬᠢᠵᠢᠭ ᠢ ᠰᠡᠷᠭᠡᠶᠢᠯᠡᠬᠦ ᠶᠢ ᠵᠢᠷᠤᠮᠵᠢᠭᠤᠯᠬᠤ᠂ ᠪᠣᠳᠠᠲᠤ ᠳᠠᠶᠢᠨ ᠬᠢᠬᠦ ᠲᠦᠪᠰᠢᠨ ᠢ ᠳᠡᠭᠡᠭᠰᠢᠯᠡᠭᠦᠯᠵᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠤᠨ ᠬᠠᠨᠳᠤᠰᠢ ᠶᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠵᠤ᠂ ᠵᠠᠩᠭᠢᠯᠠᠭ᠎ᠠ ᠶᠢᠨ ᠭᠤᠭᠴᠤᠭ᠎ᠠ ᠶᠢ ᠨᠢᠭᠲᠠ ᠠᠩᠬᠠᠷᠴᠤ ᠳᠤᠲᠠᠭᠤᠳᠠᠯ ᠢᠶᠠᠨ ᠨᠥᠬᠦᠪᠥᠷᠢᠯᠡᠨ᠂ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠬᠢᠵᠢᠭ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ᠂ ᠪᠥᠭᠡᠮ ᠬᠦᠴᠢᠯ ᠤᠨ ᠦᠯᠢᠭᠡᠷ ᠠᠪᠬᠤ ᠴᠡᠭ ᠤᠨ ᠪᠠᠶᠢᠭᠤᠯᠤᠯᠲᠠ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠠᠷᠠᠳ ᠤᠯᠠᠨ ᠢ ᠡᠷᠡᠭᠦᠯ ᠮᠡᠨᠳᠦ ᠠᠮᠤᠷ ᠲᠦᠪᠰᠢᠨ ᠢᠶᠠᠷ ᠰᠢᠨᠡᠯᠡᠭᠦᠯᠬᠦ ᠬᠡᠷᠡᠭᠲᠡᠢ᠃     ᠬᠤᠷᠠᠯ ᠠᠴᠠ ᠪᠠᠰᠠ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠠᠵᠢᠯ ᠳᠤ ᠪᠠᠶᠢᠷᠢᠯᠠᠭᠤᠯᠤᠯᠲᠠ‌‍ᠬᠢᠪᠡ᠃     ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠠ ᡁᠢ ᠬᠤᠩ᠂ ᠶᠠᠩ ᠯᠢ ᠭᠦᠩ᠂ ᠰᠢᠤᠢ ᠹᠸᠢ ᠶᠠᠨ᠂ ᠸᠠᠩ ᠫᠧᠩ ᠹᠸᠢ᠂ ᠢᠦᠢ ᠬᠤᠩ ᠯᠢᠨ᠂ ᠢᠦᠢ ᠬᠤᠸᠠ ᠶᠠᠨ ᠬᠤᠷᠠᠯ ᠳᠤ ᠣᠷᠣᠯᠴᠠᠪᠠ᠃  
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号