1 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨᠡᠬᠢ 8 ᠴᠠᠭ 30 ᠮᠢᠨᠦ᠋ᠲ ᠲᠤ᠂ ᠤᠯᠤᠰ ᠲᠥᠷᠥ ᠶᠢᠨ | ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ | ᠠᠩᠬᠠᠳᠤᠭᠠᠷ ᠬᠤᠷᠠᠯᠳᠤᠭᠠᠨ ᠳᠤ ᠤᠷᠤᠯᠴᠠᠬᠤ ᠭᠡᠰᠢᠭᠦᠳ ᠬᠤᠷᠠᠯ ᠤᠨ ᠰᠠᠭᠤᠭ᠎ᠠ ᠭᠠᠵᠠᠷ ᠵᠢᠦ ᠲᠢᠶᠠᠨ ᠣᠯᠠᠨ | ᠤᠯᠤᠰ ᠤᠨ ᠵᠣᠴᠢᠳ ᠤᠨ ᠪᠠᠭᠤᠳᠠᠯ ᠳᠤ ᠵᠠᠯᠭᠠᠭ᠎ᠠ ᠪᠠᠷ ᠬᠦᠷᠴᠦ ᠨᠡᠷ᠎ᠡ ᠮᠡᠳᠡᠭᠦᠯᠪᠡ᠃ | ᠬᠤᠷᠠᠯ ᠤᠨ ᠬᠤᠭᠤᠴᠠᠭᠠᠨ ᠳᠤ᠂ ᠳᠡᠳᠡ ᠤᠶᠤᠨ ᠤᠬᠠᠭᠠᠨ ᠬᠦᠴᠦᠨ ᠴᠢᠳᠠᠯ ᠢᠶᠠᠨ ᠨᠢᠭᠲᠠᠷᠠᠭᠤᠯᠵᠤ᠂ | ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠰᠦᠩᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ | ᠬᠥᠭᠵᠢᠯᠲᠡ᠂ ᠠᠷᠠᠳ ᠤᠯᠠᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠵᠠᠰᠠᠭ ᠤᠨ ᠶᠠᠪᠤᠳᠠᠯ ᠳᠤ | ᠣᠷᠣᠯᠴᠠᠨ ᠲᠦᠷᠦ ᠶᠢᠨ ᠶᠠᠪᠤᠳᠠᠯ ᠢ ᠵᠥᠪᠯᠡᠵᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠨ᠎ᠠ᠃ | ᠲᠤᠬᠠᠶ ᠶᠢᠨ ᠲᠠᠯᠠᠪᠤᠷ ᠲᠤ ᠨᠡᠷ᠎ᠡ ᠮᠡᠳᠡᠭᠦᠯᠬᠦ ᠨᠢ ᠡᠮᠬᠢ ᠳᠢᠭᠯᠢᠮ ᠲᠠᠢ ᠪᠠᠶᠢᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠴᠢᠩᠭ᠎ᠠ ᠨᠢᠮᠪᠠᠶ ᠪᠠᠶᠢᠵᠤ᠂ ᠬᠤᠷᠠᠯ ᠳᠤ ᠣᠷᠣᠯᠴᠠᠭᠰᠠᠨ ᠪᠣᠶ ᠪᠥᠬᠦᠶ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠳ ᠴᠥᠮ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ | ᠲᠣᠭᠲᠠᠭᠠᠯ ᠢ ᠴᠢᠩᠭ᠎ᠠ ᠵᠢᠷᠤᠮᠯᠠᠨ᠂ ᠤᠬᠠᠮᠰᠠᠷ ᠠᠴᠠ ᠪᠠᠨ ᠠᠮᠠᠪᠴᠢ ᠵᠡᠭᠦᠵᠦ᠂ ᠠᠵᠢᠯᠲᠠᠨ ᠤ ᠵᠢᠯᠣᠭᠤᠳᠣᠯᠭ᠎ᠠ | ᠳᠣᠤᠷ᠎ᠠ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠡᠷᠡᠭᠦᠯ ᠮᠡᠨᠳᠦ ᠶᠢᠨ ᠨᠣᠮᠧᠷ ᠢᠶᠠᠨ ᠦᠵᠡᠭᠦᠯᠬᠦ᠂ ᠪᠥᠭᠡᠮ | ᠬᠦᠴᠢᠯ ᠢ ᠪᠠᠶᠢᠴᠠᠭᠠᠨ ᠰᠢᠯᠭᠠᠬᠤ ᠵᠡᠷᠭᠡ ᠶᠢ ᠨᠠᠷᠢᠨ ᠬᠢᠨᠠᠮᠠᠭᠠᠢ ᠭᠦᠢᠴᠡᠳᠬᠡᠪᠡ᠃ ᠲᠠᠷᠠᠭ᠎ᠠ ᠪᠠᠷ ᠨᠢ᠂ ᠭᠡᠰᠢᠭᠦᠳ | ᠳᠤᠭᠤᠶᠢᠯᠠᠩ ᠤᠨ ᠢᠯᠭᠠᠯ ᠶᠣᠰᠣᠭᠠᠷ ᠨᠡᠷ᠎ᠡ ᠮᠡᠳᠡᠭᠦᠯᠬᠦ ᠭᠠᠷ ᠭᠦᠢᠴᠡᠳᠬᠡᠯ ᠬᠢᠵᠦ᠂ ᠬᠤᠷᠠᠯ ᠤᠨ ᠮᠠᠲ᠋ᠧᠷᠢᠶᠠᠯ ᠢ | ᠠᠪᠴᠠᠢ᠃ | ᠰᠢᠨ᠎ᠡ ᠵᠢᠯ ᠤᠨ ᠡᠬᠢᠨ ᠳᠤ᠂ ᠰᠦᠩᠱᠠᠨ ᠲᠣᠭᠤᠷᠢᠭ ᠬᠤᠶᠠᠷ ᠬᠤᠷᠠᠯ ᠤᠨ ᠴᠠᠭ ᠲᠤ ᠣᠷᠣᠯ᠎ᠠ᠂ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠳ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ | ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠡᠭᠦᠷᠭᠡ ᠴᠢᠳᠠᠪᠤᠷᠢ ᠪᠠᠨ | ᠭᠦᠢᠴᠡᠳᠬᠡᠵᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ | ᠰᠠᠶᠢᠲᠤᠷ ᠪᠡᠶᠡᠯᠡᠭᠦᠯᠵᠦ᠂ ᠪᠠᠶᠠᠨ ᠬᠦᠴᠦᠷᠬᠡᠭ᠂ ᠪᠣᠯᠪᠠᠰᠤᠨ᠂ ᠡᠶ᠎ᠡ ᠵᠣᠬᠢᠴᠠᠯ ᠲᠠᠢ᠂ ᠦᠵᠡᠰᠬᠦᠯᠡᠩᠲᠦ ᠰᠠᠶᠢᠬᠠᠨ | ᠰᠦᠩᠱᠠᠨ ᠲᠤᠭᠤᠷᠢᠭ ᠢ ᠲᠦᠷᠭᠡᠪᠴᠢᠯᠡᠨ ᠪᠥᠲᠥᠭᠡᠨ ᠪᠠᠶᠢᠭᠤᠯᠬᠤ ᠳᠤ ᠠᠷᠭ᠎ᠠ ᠤᠬᠠᠭᠠᠨ ᠭᠠᠷᠭᠠᠨ᠎ᠠ ᠭᠡᠵᠦ | ᠢᠯᠡᠳᠬᠡᠵᠡᠭᠡᠪᠡ᠃ |