1 ᠰᠠᠷ᠎ᠠ ᠶᠢᠨ 5 ᠤ ᠡᠳᠦᠷ᠂ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠵᠦᠩ | ᠴᠢᠩ ᠰᠦᠩ ᠲᠠᠢ ᠫᠢᠩ ᠳ᠋ᠢ ᠪᠠᠯᠭᠠᠰᠤ᠂ ᠰᠢᠶᠠ ᠵᠢᠶᠠ ᠳ᠋ᠢᠶᠠᠨ ᠰᠢᠶᠠᠩ ᠤᠨ ᠲᠥᠯᠥᠭᠡᠯᠡᠭᠴᠢᠳ ᠤᠨ ᠪᠦᠯᠬᠦᠮ ᠤᠨ | ᠳᠤᠭᠤᠶᠢᠯᠠᠩ ᠬᠤᠪᠢᠶᠠᠨ ᠬᠢᠨᠠᠨ ᠵᠥᠪᠯᠡᠬᠦ ᠳᠤ ᠣᠷᠣᠯᠴᠠᠵᠤ᠂ ᠲᠥᠯᠥᠭᠡᠯᠡᠭᠴᠢᠳ ᠤᠨ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠵᠢᠴᠢ ᠲᠥᠯᠥᠪᠯᠡᠭᠡ᠂ ᠲᠥᠰᠦᠪ ᠤᠨ ᠮᠡᠳᠡᠭᠦᠯᠦᠯᠲᠡ ᠶᠢᠨ ᠲᠤᠬᠠᠢ ᠰᠠᠨᠠᠯ ᠢ ᠰᠣᠨᠣᠰᠴᠤ᠂ | ᠲᠥᠯᠥᠭᠡᠯᠡᠭᠴᠢᠳ ᠤᠨ ᠵᠠᠰᠠᠭ ᠤᠨ ᠣᠷᠳᠣᠨ ᠤ ᠠᠵᠢᠯ ᠤᠨ ᠲᠤᠬᠠᠢ ᠰᠠᠨᠠᠭᠤᠯᠭ᠎ᠠ ᠶᠢ ᠬᠤᠷᠢᠶᠠᠪᠠ᠃ | ᠬᠢᠨᠠᠨ ᠵᠥᠪᠯᠡᠬᠦ ᠶᠠᠪᠤᠴᠠ ᠳᠤ᠂ ᠲᠥᠯᠥᠭᠡᠯᠡᠭᠴᠢᠳ ᠤᠨ ᠦᠵᠡᠬᠦ ᠪᠠᠷ᠂ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠥᠩᠭᠡᠷᠡᠭᠰᠡᠨ ᠲᠠᠪᠤᠨ ᠵᠢᠯ ᠤᠨ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠣᠯᠤᠭᠰᠠᠨ ᠠᠮᠵᠢᠯᠲᠠ ᠪᠦᠲᠦᠮᠵᠢ ᠶᠢ ᠪᠤᠰᠤᠳᠴᠢ ᠪᠠᠷ ᠪᠥᠬᠦ ᠲᠠᠯ᠎ᠠ ᠪᠠᠷ ᠡᠷᠭᠢᠴᠡᠭᠦᠯᠦᠨ ᠳ᠋ᠦᠩᠨᠡᠭᠰᠡᠨ ᠤ ᠬᠠᠮᠲᠤ᠂ | ᠢᠷᠡᠭᠡᠳᠦᠶ ᠶᠢᠨ ᠲᠠᠪᠤᠨ ᠵᠢᠯ ᠵᠢᠴᠢ ᠡᠨᠡ ᠵᠢᠯ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ | ᠰᠡᠳᠬᠢᠴᠡ ᠲᠣᠳᠣᠷᠬᠠᠶ᠂ ᠠᠷᠭ᠎ᠠ ᠬᠡᠮᠵᠢᠶ᠎ᠡ ᠪᠣᠳᠠᠲᠠᠶ ᠪᠠᠶᠢᠵᠤ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠬᠤ | ᠮᠡᠳᠡᠭᠦᠯᠦᠯᠲᠡ ᠪᠣᠯᠤᠨ᠎ᠠ᠃ ᠬᠤᠷᠠᠯ ᠳᠡᠭᠡᠷ᠎ᠡ᠂ ᠲᠥᠯᠥᠭᠡᠯᠡᠭᠴᠢᠳ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠰᠤᠷᠭᠠᠨ ᠬᠥᠮᠦᠵᠢᠯ᠂ ᠡᠮ ᠡᠮᠨᠡᠯᠭᠡ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ ᠵᠡᠷᠭᠡ | ᠠᠵᠢᠯ ᠤᠨ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃ | ᠵᠦᠩ ᠴᠢᠩ ᠰᠦᠩ ᠰᠣᠨᠣᠰᠬᠤ ᠶᠢᠨ ᠳᠠᠭᠠᠤ ᠲᠡᠮᠳᠡᠭᠯᠡᠵᠦ᠂ ᠲᠥᠯᠥᠭᠡᠯᠡᠭᠴᠢᠳ ᠤᠨ ᠬᠠᠯᠠᠮᠵᠢᠯᠠᠯ ᠳᠤ ᠪᠠᠶᠢᠨ | ᠪᠠᠶᠢᠨ ᠬᠠᠷᠢᠭᠤ ᠥᠭᠴᠦ ᠪᠠᠶᠢᠯ᠎ᠠ᠃ ᠵᠦᠩ ᠴᠢᠩ ᠰᠦᠩ ᠵᠢᠭᠠᠵᠤ ᠭᠠᠷᠭᠠᠭᠰᠠᠨ ᠨᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠬᠦᠨᠳᠦ᠂ | ᠡᠭᠦᠷᠭᠡ ᠦᠩᠬᠡ ᠬᠡᠷᠡᠯᠳᠡᠢ ᠶᠤᠮ᠂ ᠡᠯ᠎ᠡ ᠹᠷᠣᠨᠲ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠵᠠᠰᠠᠭ ᠤᠨ ᠣᠷᠳᠣᠨ ᠤ ᠠᠵᠢᠯ ᠢ ᠳᠡᠮᠵᠢᠵᠦ᠂ ᠠᠷᠠᠳ ᠤᠨ ᠠᠮᠢᠳᠤᠷᠠᠯ ᠢ ᠰᠣᠨᠣᠰᠴᠤ᠂ | ᠠᠷᠠᠳ ᠤᠨ ᠵᠣᠪᠠᠨᠢᠯ ᠢ ᠰᠢᠢᠳᠪᠦᠷᠢᠯᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ᠂ ᠪᠦᠬᠦ ᠲᠤᠭᠤᠷᠢᠭ ᠤᠨ | ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ᠂ ᠵᠠᠰᠠᠭ ᠤᠨ ᠣᠷᠳᠣᠨ ᠤ ᠠᠵᠢᠯ ᠤᠨ ᠰᠡᠳᠬᠢᠴᠡ ᠶᠢ | ᠰᠢᠯᠤᠭᠤᠳᠬᠠᠬᠤ ᠶᠢ ᠬᠦᠰᠡᠵᠦ ᠪᠠᠶᠢᠨ᠎ᠠ︔ ᠡᠯ᠎ᠡ ᠭᠠᠵᠠᠷ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ᠂ | ᠨᠢᠭᠡᠳᠦᠭᠡᠷ ᠠᠵᠤ ᠦᠢᠯᠡᠰ ᠢ ᠬᠦᠴᠦᠷᠬᠡᠭᠵᠢᠭᠦᠯᠬᠦ᠂ ᠬᠤᠶᠠᠳᠤᠭᠠᠷ ᠠᠵᠤ ᠦᠢᠯᠡᠰ ᠢ ᠪᠤᠵᠠᠭᠠᠶᠢᠷᠠᠭᠤᠯᠬᠤ᠂ | ᠭᠤᠷᠪᠠᠳᠤᠭᠠᠷ ᠠᠵᠤ ᠦᠢᠯᠡᠰ ᠢ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠵᠤ᠂ ᠭᠤᠷᠪᠠᠨ ᠠᠵᠤ ᠦᠢᠯᠡᠰ ᠢ | ᠠᠭᠤᠰᠤᠯᠴᠠᠭᠤᠯᠤᠨ ᠬᠥᠭᠵᠢᠭᠦᠯᠬᠦ ᠶᠢ ᠪᠡᠶᠡᠯᠡᠭᠦᠯᠵᠦ᠂ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠰᠢᠨ᠎ᠡ | ᠦᠰᠦᠷᠦᠯᠲᠡ ᠶᠢ ᠪᠡᠶᠡᠯᠡᠭᠦᠯᠬᠦ ᠶᠢ ᠨᠠᠶᠢᠳᠠᠵᠤ ᠪᠠᠶᠢᠨ᠎ᠠ᠃ |