1 ᠰᠠᠷ᠎ᠠ ᠶᠢᠨ 4 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ | ᠠᠩᠬᠠᠳᠤᠭᠠᠷ ᠬᠤᠷᠠᠯ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ ᠲᠣᠮᠣ ᠲᠢᠶᠠᠲᠷ ᠲᠤ ᠡᠬᠢᠯᠡᠪᠡ᠃ | ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ | ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ | ᠲᠡᠷᠢᠭᠦᠯᠡᠭᠴᠢ ᠴᠢᠨ ᠢᠦᠶ ᠬᠤᠤ᠂ ᠸᠠᠩ ᠹᠧᠩ ᠵᠢᠶᠦ᠋ᠨ᠂ ᠯᠢᠦ ᠸᠠᠨ ᠯᠢ᠂ ᠰᠦᠨ ᠶᠤᠸᠠᠢ ᠴᠢᠨ᠂ ᠶᠣᠣ ᠰᠢᠤᠸᠠᠢ | ᠱᠤ᠋᠂ ᠨᠠᠷᠢᠨ ᠪᠢᠴᠢᠭ ᠤᠨ ᠳᠠᠷᠤᠭ᠎ᠠ ᠵᠠᠩ ᠢᠦᠶ ᠪᠦᠦ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ | ᠰᠠᠭᠠᠲᠠᠪᠠ᠃ | ᠵᠢᠶᠠᠩ ᠼᠦᠩ᠂ ᠸᠠᠩ ᠱᠦᠨ᠂ ᠵᠥᠩ ᠴᠢᠩ ᠰᠥᠩ᠂ ᠵᠢᠶ ᠵᠤ᠋ ᠭᠦᠸᠧ᠂ ᠹᠦ᠋ ᠴᠢᠶᠠᠩ ᠵᠡᠷᠭᠡ | ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | ᠰᠦᠩᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ | ᠭᠡᠰᠢᠭᠦᠨ ᠨᠡᠶᠢᠳᠡ 173 ᠬᠥᠮᠦᠨ ᠪᠠᠶᠢᠵᠤ᠂ ᠶᠡᠭᠡ ᠬᠤᠷᠠᠯ ᠳᠤ ᠣᠷᠣᠯᠴᠠᠭᠰᠠᠨ ᠭᠡᠰᠢᠭᠦᠨ 167 ᠬᠥᠮᠦᠨ ᠪᠠᠶᠢᠵᠤ | ᠂ ᠬᠠᠤᠯᠢ ᠳᠤ ᠲᠣᠭᠲᠠᠭᠠᠭᠰᠠᠨ ᠬᠥᠮᠦᠨ ᠤ ᠲᠣᠭᠠᠨ ᠳᠤ ᠨᠡᠶᠢᠴᠡᠵᠦ ᠪᠠᠶᠢᠨ᠎ᠠ᠃ | ᠴᠢᠨ ᠢᠦᠢ ᠬᠤᠤ ᠬᠤᠷᠠᠯ ᠢ ᠡᠷᠬᠢᠯᠡᠪᠡ᠃ ᠦᠳᠡ ᠶᠢᠨ ᠬᠤᠶᠢᠨᠠᠬᠢ 2᠄ 00 ᠴᠠᠭ ᠲᠤ᠂ ᠲᠡᠷᠡ ᠳᠤᠮᠳᠠᠳᠤ | ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠤᠯᠠᠭᠠᠨᠬᠠᠳᠠ ᠬᠤᠳᠠ ᠶᠢᠨ ᠰᠦᠩᠱᠠᠨ | ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠡᠬᠢᠯᠡᠭᠰᠡᠨ ᠢ ᠵᠠᠷᠯᠠᠪᠠ᠃ | ᠰᠦᠩᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ | ᠵᠢᠶ ᠵᠤ᠋ ᠭᠦᠸᠧ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠪᠠ᠃ | ᠢᠯᠡᠳᠬᠡᠯ ᠳᠤ ᠶᠠᠭᠤᠨ ᠤ ᠡᠮᠦᠨ᠎ᠡ ᠰᠦᠩᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠤᠯᠤᠰ | ᠲᠥᠷᠥ ᠶᠢᠨ ᠵᠥᠪᠯᠡᠯᠭᠡᠨ ᠤ ᠠᠵᠢᠯ ᠢ ᠡᠷᠭᠢᠴᠡᠭᠦᠯᠵᠦ᠂ ᠵᠢᠶ ᠵᠤ᠋ ᠭᠦᠸᠧ ᠬᠡᠯᠡᠬᠦ ᠳᠡᠭᠡᠨ᠂ ᠤᠯᠤᠰ ᠲᠥᠷᠥ ᠶᠢᠨ | ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠩᠱᠠᠨ | ᠲᠣᠭᠤᠷᠢᠭ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ | ᠬᠦᠴᠦᠲᠡᠶ ᠳᠡᠮᠵᠢᠯᠭᠡ ᠳᠣᠣᠷ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠥᠪ ᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶ᠎ᠠ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠢᠨᠵᠢ | ᠴᠢᠨᠠᠷ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠵᠡᠮᠳᠡᠨ᠂ ᠭᠤᠤᠯᠳᠠᠯᠭ᠎ᠠ ᠶᠢᠨ ᠲᠣᠭᠤᠷᠢᠨ ᠳᠤ᠂ ᠶᠡᠭᠡ | ᠲᠠᠯ᠎ᠠ ᠳᠤ ᠦᠢᠯᠡᠴᠢᠯᠡᠵᠦ᠂ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ | ᠨᠢᠭᠲᠠᠷᠠᠭᠤᠯᠤᠨ᠂ ᠲᠣᠰ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠲᠣᠭᠲᠠᠭᠠᠭᠰᠠᠨ ᠬᠠᠷᠠᠯᠲᠠ ᠡᠭᠦᠷᠭᠡ | ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠲᠤᠰᠢᠶᠠᠭᠰᠠᠨ ᠡᠯ᠎ᠡ ᠵᠦᠢᠯ ᠤᠨ ᠠᠵᠢᠯ ᠢ ᠲᠡᠭᠦᠰ ᠠᠮᠵᠢᠯᠲᠠ ᠲᠠᠢ | ᠪᠡᠶᠡᠯᠡᠭᠦᠯᠵᠦ᠂ ᠪᠥᠬᠦ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ | ᠬᠤᠪᠢ ᠨᠡᠮᠡᠷᠢ ᠦᠵᠡᠭᠦᠯᠪᠡ᠃ ᠨᠢᠭᠡ ᠳᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ | ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠥᠪ ᠴᠢᠭᠯᠡᠯ ᠢ ᠪᠠᠲᠤᠳᠬᠠᠪᠠ︔ ᠬᠤᠶᠠᠷ ᠲᠤ | ᠭᠤᠣᠯ ᠠᠵᠢᠯ ᠲᠠᠢ ᠤᠶᠠᠯᠳᠤᠭᠤᠯᠤᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ | ᠦᠢᠯᠡᠴᠢᠯᠡᠪᠡ︔ ᠭᠤᠷᠪᠠ ᠳᠤ᠂ ᠠᠷᠠᠳ ᠤᠨ ᠲᠦᠯᠦᠭᠡ ᠭᠡᠬᠦ ᠠᠩᠬᠠᠨ ᠤ ᠵᠣᠷᠢᠯᠲᠠ ᠶᠢ ᠦᠢᠯᠡᠳᠦᠯᠭᠡᠵᠢᠭᠦᠯᠵᠦ᠂ | ᠪᠦᠬᠦ ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠠᠬᠢᠭᠤᠯᠪᠠ︔ ᠲᠦᠷᠪᠡ ᠳᠤ᠂ | ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠪᠦᠯᠬᠦᠮᠳᠡᠨ ᠬᠠᠮᠲᠤᠷᠠᠯᠴᠠᠵᠤ ᠡᠷᠡᠯᠬᠡᠭᠯᠡᠨ ᠤᠷᠤᠭᠰᠢᠯᠠᠬᠤ ᠬᠦᠴᠦᠨ ᠢ | ᠨᠢᠭᠲᠠᠷᠠᠭᠤᠯᠪᠠ︔ ᠲᠠᠪᠤ ᠳᠤ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠤᠯᠤᠰ ᠲᠦᠷᠦ ᠶᠢᠨ | ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ | | ᠵᠢᠢ ᠵᠦ ᠭᠦᠸᠧ ᠬᠡᠯᠡᠬᠦ ᠳᠤ ᠪᠠᠨ᠂ ᠲᠣᠭᠤᠷᠢᠭ ᠤᠨ ᠶᠢᠰᠦᠳᠦᠭᠡᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠪᠦᠬᠦ ᠲᠣᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠡᠭᠦᠷᠭᠡ ᠶᠢ ᠪᠠᠶᠢᠷᠢᠯᠠᠭᠤᠯᠵᠤ᠂ ᠪᠦᠬᠦ | ᠬᠤᠳᠠ ᠶᠢᠨ ᠡᠮᠦᠨ᠎ᠡ ᠡᠩᠨᠡᠭᠡᠨ ᠳᠤ ᠶᠠᠪᠤᠬᠤ ᠶᠢ ᠠᠬᠢᠭᠤᠯᠬᠤ ᠤᠷᠢᠶᠠᠯᠠᠭ᠎ᠠ ᠶᠢ ᠳᠤᠷᠠᠳᠴᠠᠢ᠃ ᠲᠣᠭᠤᠷᠢᠭ ᠤᠨ | ᠤᠯᠤᠰ ᠲᠦᠷᠦ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠬᠦᠳᠦᠯᠦᠨ | ᠳᠠᠭᠠᠭᠤᠯᠬᠤ ᠪᠠᠨ ᠴᠢᠩᠭᠠᠳᠬᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠥᠭᠵᠢᠯᠲᠡ ᠳᠤ | ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠲᠤᠰᠢᠶᠠᠯ ᠢᠶᠠᠨ ᠦᠨᠡᠨᠴᠢ ᠪᠠᠷ ᠭᠦᠢᠴᠡᠳᠬᠡᠵᠦ᠂ ᠪᠦᠬᠦ | ᠲᠣᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠤᠯᠤᠰ ᠲᠦᠷᠦ ᠶᠢᠨ ᠵᠥᠪᠯᠡᠯᠭᠡᠨ ᠤ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ᠃ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠵᠥᠪᠯᠡᠯᠭᠡᠨ ᠤ ᠡᠭᠦᠷᠭᠡ | ᠲᠤᠰᠢᠶᠠᠯ ᠢᠶᠠᠨ ᠭᠦᠢᠴᠡᠳᠬᠡᠬᠦ ᠵᠥᠪ ᠴᠢᠭᠯᠡᠯ ᠢ ᠪᠠᠲᠤᠯᠠᠬᠤ ᠬᠡᠷᠡᠭᠲᠡᠢ︔ ᠬᠥᠭᠵᠢᠯᠲᠡ ᠲᠣᠭᠲᠠᠭᠤᠨ ᠤ ᠶᠡᠭᠡ | ᠲᠠᠯ᠎ᠠ ᠳᠤ ᠦᠢᠯᠡᠴᠢᠯᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ︔ | ᠪᠦᠯᠬᠦᠮᠳᠡᠯ ᠠᠷᠠᠳᠴᠢᠯᠠᠯ ᠤᠨ ᠭᠤᠣᠯ ᠰᠡᠳᠦᠪ ᠢ ᠡᠵᠡᠮᠳᠡᠵᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ | ᠨᠢᠭᠲᠠᠷᠠᠭᠤᠯᠵᠤ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠢ︔ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨᠬᠦ | ᠴᠢᠩᠭᠠᠳᠬᠠᠵᠤ᠂ ᠰᠠᠭᠤᠷᠢ ᠲᠤᠯᠭᠠᠭᠤᠷᠢᠯᠠᠯ ᠤᠨ ᠪᠠᠲᠤᠯᠠᠪᠤᠷᠢ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ᠃ | ᠰᠦᠩᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠳ᠋ᠢᠶᠤᠤ ᠵᠠᠨ ᠰᠢᠤᠸᠠᠢ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ | ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠢᠰᠦᠳᠦᠭᠡᠷ | ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠠᠴᠠ ᠨᠠᠰᠢᠬᠢ ᠰᠠᠨᠠᠯ | ᠵᠥᠪᠯᠡᠯᠭᠡ ᠶᠢᠨ ᠠᠵᠢᠯ ᠤᠨ ᠪᠠᠶᠢᠳᠠᠯ ᠤᠨ | ᠲᠤᠬᠠᠶ ᠢᠯᠡᠳᠬᠡᠯ ᠬᠢᠪᠡ᠃ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ | ᠶᠢᠰᠦᠳᠦᠭᠡᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠠᠴᠠ ᠨᠠᠰᠢ᠂ ᠥᠷᠭᠡᠨ ᠤᠯᠠᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ᠂ ᠤᠯᠤᠰ ᠲᠦᠷᠦ ᠶᠢᠨ ᠵᠥᠪᠯᠡᠯᠭᠡᠨ ᠳᠤ ᠣᠷᠣᠯᠴᠠᠭᠰᠠᠨ ᠡᠯ᠎ᠡ ᠨᠢᠭᠡᠴᠢ ᠪᠠ ᠤᠯᠤᠰ | ᠲᠦᠷᠦ ᠶᠢᠨ ᠵᠥᠪᠯᠡᠯᠭᠡᠨ ᠤ ᠡᠯ᠎ᠡ ᠲᠤᠰᠬᠠᠶ ᠺᠣᠮᠢᠰ ᠤᠳ ᠳᠡᠭᠡᠳᠦ ᠬᠡᠮᠵᠢᠶᠡᠨ ᠤ ᠤᠯᠤᠰ ᠲᠦᠷᠦ ᠶᠢᠨ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠡᠭᠦᠷᠭᠡ ᠲᠤᠰᠢᠶᠠᠯ ᠢᠶᠠᠨ ᠬᠢᠨᠠᠮᠠᠭᠠᠶ ᠭᠦᠢᠴᠡᠳᠬᠡᠵᠦ᠂ | ᠰᠠᠨᠠᠯ ᠵᠥᠪᠯᠡᠯᠭᠡ ᠶᠢ ᠢᠳᠡᠪᠬᠢᠲᠡᠶ ᠬᠡᠷᠡᠭᠯᠡᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃ ᠨᠡᠶᠢᠳᠠ | 482 ᠬᠤᠪᠢ ᠰᠠᠨᠠᠯ ᠵᠥᠪᠯᠡᠯᠭᠡ ᠳᠡᠪᠰᠢᠭᠦᠯᠵᠦ᠂ ᠬᠢᠨᠠᠨ ᠪᠠᠶᠢᠴᠠᠭᠠᠭᠠᠳ 438 ᠬᠤᠪᠢ ᠶᠢ ᠨᠢ ᠬᠡᠷᠡᠭ ᠪᠣᠯᠭᠠᠨ | ᠳᠠᠩᠰᠠᠯᠠᠵᠤ᠂ ᠬᠡᠷᠡᠭ ᠪᠣᠯᠭᠠᠨ ᠳᠠᠩᠰᠠᠯᠠᠭᠰᠠᠨ ᠨᠤᠷᠮ᠎ᠠ 91 % ᠳᠤ ᠬᠦᠷᠪᠡ᠃ ᠣᠳᠣᠬᠠᠨ ᠳᠤ ᠬᠡᠷᠡᠭ ᠪᠣᠯᠭᠠᠨ | ᠳᠠᠩᠰᠠᠯᠠᠭᠰᠠᠨ ᠪᠤᠢ ᠪᠦᠬᠦᠢ ᠰᠠᠨᠠᠯ ᠵᠥᠪᠯᠡᠯᠭᠡ ᠶᠢ ᠴᠥᠮ ᠰᠢᠢᠳᠪᠦᠷᠢᠯᠡᠵᠦ ᠳᠠᠭᠤᠰᠬᠠᠪᠠ᠃ ᠤᠯᠤᠰ ᠲᠥᠷᠥ ᠶᠢᠨ | ᠵᠥᠪᠯᠡᠯᠭᠡᠨ ᠤ ᠰᠠᠨᠠᠯ ᠳᠤᠷᠠᠳᠤᠯᠭ᠎ᠠ ᠨᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ | ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠴᠢ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠨ ᠠᠵᠢᠯ ᠢᠶᠠᠨ ᠥᠷᠨᠢᠭᠦᠯᠬᠦ ᠳᠤ ᠨᠡᠯᠢᠶᠡᠳ ᠥᠨᠳᠥᠷ ᠯᠠᠪᠯᠠᠯᠲᠠ ᠶᠢᠨ ᠦᠨ᠎ᠡ ᠥᠷᠲᠡᠭ ᠲᠠᠢ | ᠪᠠᠶᠢᠵᠤ᠂ ᠪᠥᠬᠦ ᠲᠣᠭᠤᠷᠢᠭ ᠤᠨ ᠠᠵᠤ ᠠᠬᠤᠶ ᠶᠢᠨ ᠬᠥᠭᠵᠢᠯᠲᠡ ᠪᠠ ᠨᠡᠶᠢᠭᠡᠮ ᠤᠨ ᠪᠥᠬᠦ ᠲᠠᠯ᠎ᠠ ᠶᠢᠨ ᠳᠠᠪᠰᠢᠯᠲᠠ ᠶᠢ | ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ | ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠᠩ ᠼᠦᠩ ᠬᠤᠷᠠᠯ ᠳᠡᠭᠡᠷ᠎ᠡ ᠴᠢᠬᠤᠯᠠ ᠶᠠᠷᠢᠶ᠎ᠠ | ᠲᠠᠯᠪᠢᠪᠠ᠃ ᠲᠡᠷᠡ ᠵᠢᠭᠠᠵᠤ ᠭᠠᠷᠭᠠᠭᠰᠠᠨ ᠨᠢ᠂ ᠲᠠᠪᠤᠨ ᠵᠢᠯ ᠤᠨ ᠲᠤᠷᠰᠢ᠂ ᠲᠣᠭᠤᠷᠢᠭ ᠤᠨ ᠶᠢᠰᠦᠳᠦᠭᠡᠷ | ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠬᠤᠷᠢᠶ᠎ᠠ ᠪᠦᠯᠬᠦᠮᠳᠡᠯ ᠪᠠ ᠠᠷᠠᠳᠴᠢᠯᠠᠯ ᠭᠡᠬᠦ ᠬᠤᠶᠠᠷ ᠶᠡᠭᠡ | ᠭᠤᠣᠯ ᠰᠡᠳᠦᠪ ᠢ ᠪᠠᠷᠢᠮᠲᠠᠯᠠᠵᠤ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ | ᠪᠦᠯᠬᠦᠮᠳᠡᠭᠦᠯᠦᠨ ᠳᠠᠭᠠᠭᠤᠯᠵᠤ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠰᠠᠨᠠᠯ | ᠵᠥᠪᠯᠡᠯᠭᠡ ᠳᠤᠷᠠᠳᠤᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠪᠦᠬᠦ ᠲᠣᠭᠤᠷᠢᠭ ᠤᠨ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ ᠃ | ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠡᠷᠡᠰ | ᠪᠠᠲᠤ ᠤᠯᠤᠰ ᠲᠦᠷᠦ ᠶᠢᠨ ᠴᠢᠭᠯᠡᠯ ᠤᠨ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠭᠤᠣᠯ ᠠᠵᠢᠯ ᠲᠠᠢ | ᠤᠶᠠᠯᠳᠤᠭᠤᠯᠤᠨ᠂ ᠥᠭᠡᠷᠡᠴᠢᠯᠡᠯᠲᠡ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠰᠢᠨ᠎ᠡ ᠠᠮᠵᠢᠯᠲᠠ ᠪᠦᠲᠦᠮᠵᠢ | ᠭᠠᠷᠭᠠᠵᠤ᠂ ᠠᠷᠠᠳ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠢᠯᠡᠳᠦᠯᠭᠡᠵᠢᠭᠦᠯᠵᠦ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠰᠢᠨ᠎ᠡ ᠡᠭᠦᠷᠭᠡᠯᠡᠯ ᠢᠶᠠᠨ ᠢᠯᠡᠷᠡᠭᠦᠯᠵᠦ᠂ | ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠴᠢᠳᠠᠪᠤᠷᠢ ᠪᠠᠨ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠲᠦᠷᠢ ᠲᠥᠷᠬᠦ ᠶᠢ ᠪᠤᠢ ᠪᠤᠯᠭᠠᠬᠤ ᠶᠢ ᠬᠦᠰᠡᠵᠦ ᠪᠠᠶᠢᠨ᠎ᠠ᠃ | ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠡᠷᠬᠢᠯᠡᠭᠴᠢ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ | ᠨᠢᠭᠡᠴᠢ ᠶᠢᠨ ᠭᠤᠣᠯ ᠬᠠᠷᠢᠭᠤᠴᠠᠯᠭᠠᠲᠠᠨ ᠸᠢᠳᠢᠣ᠋ ᠶᠢᠨ ᠬᠡᠯᠪᠡᠷᠢ ᠪᠠᠷ ᠬᠤᠪᠢᠶᠠᠷᠢ ᠬᠤᠷᠠᠯ ᠤᠨ ᠲᠠᠯᠠᠪᠠᠢ ᠳᠤ ᠰᠤᠯᠠ | ᠣᠷᠣᠯᠴᠠᠪᠠ᠃ | | | | | | | | | | | | | ᠁ |