ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ  ᠤᠳᠠᠭᠠᠨ ᠤ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2022/1/6
    1 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠯᠠᠭᠠᠨᠬᠠᠳᠠ ᠶᠢᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ ᠲᠣᠮᠣ ᠲᠢᠶᠠᠲᠷ ᠲᠤ ᠡᠬᠢᠯᠡᠪᠡ᠃
   
    ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠵᠢᠶᠠᠩ ᠼᠦᠩ᠂ ᠸᠠᠩ ᠱᠦᠨ᠂ ᠵᠦᠩ ᠴᠢᠩ ᠰᠦᠩ᠂ ᠹᠦ᠋ ᠴᠢᠶᠠᠩ᠂ ᠶᠤᠸᠠᠨ ᠴᠦᠨ ᠯᠢ᠂ ᠰᠦᠨ ᠵᠧᠨ ᠬᠠᠢ᠂ ᠱᠢ ᠵᠢᠶᠠᠨ ᠪᠢᠨ᠂ ᠯᠢ ᠭᠦᠸᠧ ᠯᠢᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃     ᠬᠤᠲᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠭᠤᠴᠠᠭ᠎ᠠ ᠰᠣᠯᠢᠬᠤ ᠠᠵᠢᠯ ᠤᠨ ᠰᠢᠪᠠᠳᠠᠨ ᠪᠠᠶᠢᠴᠠᠭᠠᠯᠲᠠ ᠶᠢᠨ ᠵᠢᠭᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠰᠦᠨ ᠰᠢᠶᠤᠤ ᠬᠤᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃     ᠵᠢᠢ ᠵᠦ ᠭᠦᠸᠧ᠂ ᠴᠢᠨ ᠢᠦᠢ ᠬᠤᠤ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠠᠢ᠃     ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠨᠡᠶᠢᠲᠡ 261 ᠲᠥᠯᠥᠭᠡᠯᠡᠭᠴᠢ ᠪᠠᠶᠢᠵᠤ᠂ ᠲᠣᠰ ᠤᠳᠠᠭᠠᠨ ᠤ ᠬᠤᠷᠠᠯ ᠳᠤ 256 ᠲᠥᠯᠥᠭᠡᠯᠡᠭᠴᠢ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃     ᠦᠳᠡ ᠶᠢᠨ ᠡᠮᠦᠨᠡᠬᠢ 9᠄ 00 ᠴᠠᠭ ᠲᠤ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂  ᠭᠦᠢᠴᠡᠳᠬᠡᠬᠦ ᠲᠡᠷᠢᠭᠦᠯᠡᠭᠴᠢ ᠸᠠᠩ ᠱᠦᠨ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠡᠬᠢᠯᠡᠭᠰᠡᠨ ᠢ ᠵᠠᠷᠯᠠᠪᠠ᠃     ᠵᠦᠩ ᠴᠢᠩ ᠰᠦᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠬᠢᠪᠡ᠃     ᠢᠯᠡᠳᠬᠡᠯ ᠳᠤ ᠥᠩᠭᠡᠷᠡᠭᠰᠡᠨ ᠲᠠᠪᠤᠨ ᠵᠢᠯ ᠤᠨ ᠠᠵᠢᠯ ᠢᠶᠠᠨ ᠡᠷᠭᠢᠴᠡᠭᠦᠯᠪᠡ᠃ ᠲᠠᠪᠤᠨ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠳᠡᠮᠵᠢᠯᠭᠡ ᠪᠠ ᠬᠢᠨᠠᠯᠲᠠ ᠳᠣᠣᠷ᠎ᠠ᠂ ᠲᠤᠭᠤᠷᠢᠭ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠪᠦᠯᠬᠦᠮᠳᠡᠨ ᠲᠦᠰᠢᠭᠯᠡᠵᠦ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠡᠮᠡᠴᠡᠯ ᠤᠨ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ ᠂ ᠤᠶᠤᠨ ᠤᠬᠠᠭᠠᠨ ᠢᠶᠠᠷ ᠪᠢᠯᠬᠠᠭᠰᠠᠨ᠂  ᠬᠦᠴᠦᠨ ᠲᠠᠮᠢᠷ ᠢᠶᠠᠷ ᠴᠡᠨᠡᠭᠯᠡᠭᠳᠡᠭᠰᠡᠨ ᠰᠢᠯᠢᠳᠡᠭ ᠰᠢᠯᠭᠠᠯᠲᠠ ᠶᠢᠨ ᠬᠠᠭᠤᠳᠠᠰᠤ ᠶᠢ ᠲᠤᠰᠢᠶᠠᠭᠰᠠᠨ ᠪᠠᠶᠢᠨ᠎ᠠ᠃ ᠲᠠᠪᠤᠨ ᠵᠢᠯ ᠤᠨ ᠲᠤᠷᠰᠢ᠂ ᠰᠦᠩᠱᠠᠨ ᠲᠣᠭᠤᠷᠢᠭ ᠵᠢᠱᠢᠯᠲᠡ ᠶᠢ ᠲᠣᠭᠲᠠᠪᠤᠷᠢᠵᠢᠭᠤᠯᠬᠤ᠂ ᠨᠡᠮᠡᠭᠳᠡᠯ ᠢ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠢᠯᠡᠳᠲᠡ ᠳᠡᠭᠡᠭᠰᠢᠯᠡᠪᠡ︔ ᠳᠤᠲᠠᠭᠤᠳᠠᠯ ᠢ ᠨᠥᠬᠦᠪᠥᠷᠢᠯᠡᠬᠦ᠂ ᠬᠦᠴᠦᠷᠬᠡᠭ ᠪᠠᠭᠤᠷᠠᠢ ᠲᠠᠯ᠎ᠠ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠢᠯᠡᠳᠲᠡ ᠦᠷ᠎ᠡ ᠪᠦᠲᠦᠮᠵᠢ ᠤᠯᠪᠠ︔ ᠰᠠᠭᠤᠷᠢ ᠶᠢ ᠪᠠᠲᠤᠳᠬᠠᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠳᠦᠷᠰᠦ ᠪᠠᠶᠢᠳᠠᠯ ᠢ ᠰᠢᠨ᠎ᠡ ᠪᠠᠶᠢᠳᠠᠯ ᠲᠠᠢ ᠪᠣᠯᠭᠠᠪᠠ︔ ᠥᠭᠡᠷᠡᠴᠢᠯᠡᠯᠲᠡ ᠶᠢ ᠠᠳᠬᠤᠵᠤ᠂ ᠨᠡᠭᠡᠭᠡᠯᠳᠡ ᠶᠢ ᠠᠬᠢᠭᠤᠯᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠴᠢᠩᠭᠠᠷᠠᠭᠤᠯᠪᠠ︔ ᠪᠠᠲᠤᠯᠠᠭ᠎ᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠳᠠᠪᠰᠢᠭᠤᠯᠪᠠ︔ ᠠᠮᠤᠷ ᠠᠮᠤᠭᠤᠯᠠᠩ ᠢ ᠴᠣᠭᠴᠠᠯᠠᠨ᠂ ᠡᠶ᠎ᠡ ᠵᠣᠬᠢᠴᠠᠯ ᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢ ᠦᠷᠭᠦᠯᠵᠢᠯᠡᠨ ᠲᠣᠭᠲᠠᠭᠤᠨ ᠪᠠᠶᠢᠯᠭᠠᠪᠠ︔ ᠰᠤᠷᠲᠠᠯ ᠢᠶᠠᠨ ᠬᠤᠪᠢᠷᠠᠭᠤᠯᠵᠤ᠂ ᠦᠢᠯᠡᠴᠢᠯᠡᠭᠡ ᠪᠠᠨ  ᠰᠢᠯᠢᠳᠡᠭᠵᠢᠭᠦᠯᠵᠦ᠂ ᠵᠠᠰᠠᠭ ᠤᠨ ᠣᠷᠳᠣᠨ ᠤ  ᠦᠢᠯᠡᠳᠦᠯ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃     ᠢᠯᠡᠳᠬᠡᠯ ᠳᠤ 2021 ᠣᠨ ᠤ ᠠᠵᠢᠯ ᠢ ᠡᠷᠭᠢᠴᠡᠭᠦᠯᠪᠡ᠃ 2021 ᠣᠨ ᠳᠤ᠂ ᠰᠦᠩᠱᠠᠨ ᠲᠣᠭᠤᠷᠢᠭ ᠤᠨ ᠵᠠᠰᠠᠭ ᠤᠨ ᠣᠷᠳᠣᠨ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠭᠠᠳ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠤᠯᠪᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ  ᠪᠠᠷᠤᠭ 3.9% ᠪᠠᠷ ᠨᠡᠮᠡᠭᠳᠡᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ  ᠪᠠᠷᠤᠭ 0.3% ᠪᠠᠷ ᠨᠡᠮᠡᠭᠳᠡᠵᠦ  ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ  ᠪᠠᠷᠤᠭ 6.5% ᠪᠠᠷ ᠨᠡᠮᠡᠭᠳᠡᠵᠦ  ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠪᠠᠷᠤᠭ 7% ᠪᠠ 8.5% ᠪᠠᠷ ᠨᠡᠮᠡᠭᠳᠡᠪᠡ᠃ ᠨᠢᠭᠡ ᠵᠢᠯ ᠤᠨ ᠲᠤᠷᠰᠢ᠂ ᠰᠦᠩᠱᠠᠨ ᠲᠣᠭᠤᠷᠢᠭ ᠰᠠᠭᠤᠷᠢ ᠶᠢ ᠴᠢᠩᠭᠠᠳᠬᠠᠨ ᠬᠡᠯᠬᠢᠶ᠎ᠡ ᠶᠢ ᠨᠥᠬᠦᠪᠥᠷᠢᠯᠡᠵᠦ᠂ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠪᠡ︔ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠡᠷᠭᠡ ᠪᠠᠷ ᠴᠢᠬᠤᠯᠠᠴᠢᠯᠠᠵᠤ᠂ ᠬᠤᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠪᠡ︔ ᠴᠡᠭ ᠢ ᠠᠳᠬᠤᠨ ᠬᠡᠪᠴᠢᠶ᠎ᠡ ᠶᠢ ᠥᠷᠭᠡᠳᠬᠡᠵᠦ᠂ ᠥᠭᠡᠷᠡᠴᠢᠯᠡᠯᠲᠡ ᠨᠡᠭᠡᠭᠡᠯᠳᠡ ᠶᠢ ᠲᠦᠷᠭᠡᠪᠴᠢᠯᠡᠨ ᠠᠬᠢᠭᠤᠯᠪᠠ︔ ᠤᠷᠢᠳᠠᠪᠠᠷ ᠲᠤᠷᠰᠢᠯᠲᠠ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ  ᠵᠤᠯᠭᠠᠭᠤᠯᠪᠠ︔ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠠᠲᠤ ᠰᠠᠬᠢᠪᠠ︔ ᠬᠠᠮᠲᠤ ᠪᠠᠷ ᠪᠠᠶᠢᠭᠤᠯᠵᠤ ᠬᠠᠮᠲᠤ ᠪᠠᠷ  ᠡᠳ᠋ᠯᠡᠵᠦ᠂ ᠠᠷᠠᠳ ᠤᠨ ᠠᠮᠢᠳᠤᠷᠠᠯ ᠨᠠᠩ  ᠴᠢᠨᠡᠭᠡᠯᠢᠭ  ᠪᠤᠯᠪᠠ᠃     ᠵᠦᠩ ᠴᠢᠩ ᠰᠦᠩ  ᠵᠢᠭᠠᠵᠤ ᠭᠠᠷᠭᠠᠭᠰᠠᠨ ᠨᠢ᠂ ᠬᠤᠶᠢᠰᠢᠳᠠ ᠶᠢᠨ ᠲᠠᠪᠤᠨ ᠵᠢᠯ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠲᠠᠪᠤᠨ ᠵᠢᠯ ᠪᠣᠯᠤᠨ᠎ᠠ᠂ ᠮᠥᠨᠴᠦ ᠰᠦᠩᠱᠠᠨ ᠲᠣᠭᠤᠷᠢᠭ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂  ᠮᠡᠷᠡᠶᠢᠨ ᠴᠢᠷᠮᠠᠶᠢᠵᠤ ᠠᠮᠵᠢᠯᠲᠠ ᠭᠠᠷᠭᠠᠬᠤ ᠲᠠᠪᠤᠨ ᠵᠢᠯ ᠪᠣᠯᠤᠨ᠎ᠠ᠃ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ  ᠪᠤᠯᠭᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠲᠣᠭᠤᠷᠢᠭ ᠤᠨ ᠨᠠᠮ ᠤᠨ ᠬᠤᠷᠢᠶ᠎ᠠ ᠶᠢᠨ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠰᠠᠶᠢᠲᠤᠷ ᠵᠠᠮᠨᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠬᠠᠷᠠᠯᠲᠠ ᠪᠣᠯᠭᠠᠵᠤ᠂ ︽ᠲᠠᠪᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ︾ ᠶᠢ ᠴᠢᠩᠭ᠎ᠠ ᠠᠳᠬᠤᠵᠤ᠂ ︽ᠲᠥᠪ ᠬᠤᠳᠠ︾ ᠤᠨ ᠳᠠᠪᠠᠭᠤᠯᠢᠭ ᠢ  ᠪᠠᠳᠠᠷᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠦᠬᠦ ᠬᠦᠴᠦᠨ ᠢᠶᠠᠷ ᠪᠠᠶᠢᠭᠤᠯᠵᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠯᠲᠠ ᠶᠢᠨ  ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠣᠷᠣᠨ ᠪᠦᠰᠡ ᠶᠢᠨ ᠲᠥᠪ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠲᠤᠭᠤᠷᠢᠭ ᠢ ᠪᠠᠶᠢᠭᠤᠯᠵᠤ᠂ ᠪᠠᠶᠠᠨ ᠬᠦᠴᠦᠷᠬᠡᠭ᠂ ᠪᠣᠯᠪᠠᠰᠤᠨ᠂ ᠡᠶ᠎ᠡ ᠵᠣᠬᠢᠴᠠᠩᠭᠤᠢ᠂ ᠦᠵᠡᠰᠬᠦᠯᠡᠩᠲᠦ ᠰᠠᠶᠢᠬᠠᠨ ᠰᠦᠩᠱᠠᠨ ᠢ ᠪᠦᠳᠦᠭᠡᠨ ᠪᠠᠶᠢᠭᠤᠯᠤᠨ᠎ᠠ᠃     ᠵᠦᠩ ᠴᠢᠩ ᠰᠦᠩ ᠵᠢᠭᠠᠵᠤ ᠭᠠᠷᠭᠠᠭᠰᠠᠨ ᠨᠢ᠂ ᠪᠦᠬᠦ ᠲᠣᠭᠤᠷᠢᠭ ᠤᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠲᠣᠭᠤᠷᠢᠨ ᠳᠤ᠂  ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠬᠦᠴᠦᠯᠡᠨ ᠠᠬᠢᠭᠤᠯᠬᠤ᠂  ᠳᠠᠪᠠᠭ᠋ᠤ ᠬᠥᠭᠵᠢᠯᠲᠡ ᠶᠢᠨ ᠬᠥᠳᠡᠯᠭᠡᠬᠦ ᠬᠦᠴᠦᠨ ᠢ ᠦᠷᠭᠦᠯᠵᠢᠯᠡᠨ ᠨᠡᠮᠡᠭᠳᠡᠭᠦᠯᠬᠦ᠂ ᠲᠠᠷᠢᠶᠠᠯᠠᠩ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠬᠤ᠂ ᠬᠦᠴᠦᠨ ᠢᠶᠠᠨ ᠲᠥᠪᠯᠡᠷᠡᠭᠦᠯᠦᠨ ᠠᠵᠤ ᠦᠢᠯᠡᠳᠪᠦᠷᠢ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ᠂ ᠤᠳᠤ ᠦᠶ᠎ᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠨᠡᠮᠡᠭᠳᠡᠭᠦᠯᠬᠦ᠂ ᠤᠳᠤ ᠦᠶ᠎ᠡ ᠶᠢᠨ ᠲᠥᠪ ᠬᠤᠳᠠ ᠶᠢᠨ ᠬᠤᠰᠢᠭᠤᠴᠢ ᠲᠣᠭᠤᠷᠢᠭ ᠢ ᠡᠭᠦᠳᠦᠨ ᠪᠠᠶᠢᠭᠤᠯᠬᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ᠂ ᠤᠳᠤ ᠦᠶ᠎ᠡ ᠶᠢᠨ ᠵᠠᠰᠠᠯᠲᠠ ᠶᠢᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠬᠤ ᠵᠡᠷᠭᠡ ᠨᠠᠢᠮᠠᠨ ᠲᠠᠯ᠎ᠠ ᠪᠠᠷ ᠯᠠᠪᠳᠠᠭᠤᠨ ᠪᠠᠲᠤᠲᠠᠢ ᠠᠯᠬᠤᠬᠤ ᠪᠠᠷ ᠭᠤᠣᠯᠳᠠᠯᠭ᠎ᠠ ᠪᠣᠯᠭᠠᠨ᠎ᠠ᠃     ᠮᠡᠳᠡᠭᠦᠯᠦᠯᠲᠡ ᠳᠤ ᠵᠢᠭᠠᠵᠤ ᠭᠠᠷᠭᠠᠭᠰᠠᠨ ᠨᠢ᠂ 2022 ᠣᠨ ᠪᠣᠯ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭᠠᠨ ᠤ ᠡᠬᠢᠯᠡᠯᠲᠡ ᠶᠢᠨ ᠵᠢᠯ ᠪᠣᠯᠤᠨ᠎ᠠ᠂ ᠮᠥᠨᠴᠦ ᠪᠦᠬᠦ ᠲᠣᠭᠤᠷᠢᠭ ᠤᠨ ᠬᠡᠯᠪᠡᠷᠢ ᠪᠠᠨ ᠲᠦᠷᠭᠡᠳᠬᠡᠨ ᠬᠤᠪᠢᠷᠠᠭᠤᠯᠵᠤ᠂ ᠳᠡᠰ ᠳᠡᠪᠰᠢᠬᠦ ᠵᠠᠩᠭᠢᠯᠠᠭ᠎ᠠ ᠶᠢᠨ ᠴᠠᠭ ᠬᠤᠭᠤᠴᠠᠭ᠎ᠠ  ᠪᠤᠯᠤᠨ᠎ᠠ᠂ ᠪᠥᠬᠦ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6.5% ᠣᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 7% ᠣᠷᠴᠢᠮ ᠨᠡᠮᠡᠭᠳᠡᠭᠦᠯᠵᠦ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 6% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 7% ᠣᠷᠴᠢᠮ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 7% ᠪᠠ 8% ᠣᠷᠴᠢᠮ ᠨᠡᠮᠡᠭᠳᠡᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ᠂ ᠡᠨᠧᠷᠭᠢ ᠶᠢᠨ ᠬᠤᠷᠣᠭᠳᠠᠭᠤᠯᠤᠯ  ᠤᠨ ᠬᠤᠶᠠᠷ ᠢ ᠬᠢᠵᠠᠭᠠᠷᠯᠠᠬᠤ ᠵᠡᠷᠭᠡ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠰᠢᠯᠢᠳᠡᠭ ᠠᠮᠵᠢᠯᠲᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ᠃ ᠵᠢᠱᠢᠭᠰᠡᠨ ᠬᠠᠷᠠᠯᠲᠠ ᠪᠠᠨ ᠪᠡᠶᠡᠯᠡᠭᠦᠯᠬᠦ ᠲᠠᠢ ᠤᠶᠠᠯᠳᠤᠭᠤᠯᠤᠨ᠂ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ ᠨᠢᠭᠡ ᠳᠤ  ᠲᠦᠷᠦᠯ ᠵᠦᠢᠯ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠨ᠎ᠡ︔ ᠬᠤᠶᠠᠷ ᠲᠤ᠂ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ︔ ᠭᠤᠷᠪᠠ ᠳᠤ᠂ ᠪᠦᠲᠦᠴᠡ ᠶᠢᠨ ᠳᠤᠬᠢᠷᠠᠭᠤᠯᠤᠯᠳᠠ ᠶᠢ ᠲᠦᠷᠭᠡᠳᠬᠡᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ︔ ᠲᠦᠷᠪᠡ ᠳᠤ᠂ ᠬᠤᠳᠠ ᠬᠥᠳᠡᠭᠡ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠲᠦᠪᠰᠢᠨ ᠢ ᠳᠡᠭᠡᠭᠰᠢᠯᠡᠭᠦᠯᠦᠨ᠎ᠡ︔ ᠲᠠᠪᠤ ᠳᠤ᠂ ᠬᠤᠷᠢᠭ᠎ᠠ ᠱᠤᠭᠤᠮ ᠤᠨ ᠡᠭᠦᠷᠭᠡ ᠶᠢ ᠪᠠᠲᠤ ᠰᠠᠬᠢᠵᠤ᠂ ᠪᠦᠬᠦ ᠲᠠᠯ᠎ᠠ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠤᠨ᠎ᠠ︔ ᠵᠢᠷᠭᠤᠭ᠎ᠠ ᠳᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠬᠦᠴᠦᠯᠡᠨ ᠨᠡᠮᠡᠭᠳᠡᠭᠦᠯᠦᠨ᠎ᠡ᠃     ᠬᠤᠷᠠᠯ ᠠᠴᠠ ᠰᠦᠩᠱᠠᠨ ᠲᠣᠭᠤᠷᠢᠭ ᠤᠨ 2021 ᠣᠨ ᠤ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠪᠣᠯᠤᠨ 2022 ᠣᠨ ᠤ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ᠂ 2021 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ 2022 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠪᠠ᠃ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ᠂ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠢ ᠵᠥᠪᠯᠡᠯ ᠢ ᠪᠠᠶᠢᠭᠤᠯᠬᠤ ᠲᠤᠬᠠᠢ ᠲᠣᠭᠲᠠᠭᠠᠯ᠂ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠢ ᠵᠥᠪᠯᠡᠯ ᠤᠨ ᠪᠦᠷᠢᠯᠳᠦᠬᠦᠨ ᠤ ᠵᠢᠱᠢᠭᠳᠡᠭᠴᠢ ᠶᠢᠨ ᠠᠷᠭ᠎ᠠ ᠶᠢ ᠬᠢᠨᠠᠨ ᠵᠥᠪᠯᠡᠵᠦ ᠪᠠᠲᠤᠯᠠᠵᠠᠢ᠃       ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯᠳᠤᠭᠠᠨ ᠳᠤ ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠭᠤᠤᠯ ᠬᠤᠷᠠᠯ ᠤᠨ ᠲᠠᠯᠠᠪᠠᠶ ᠳᠤ ᠰᠤᠯᠠ ᠣᠷᠣᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠪᠠᠶᠢᠭᠤᠯᠤᠯᠭ᠎ᠠ᠂ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠬᠡᠷ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ᠂  ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠰᠢ ᠲᠣᠭᠤᠷᠢᠭ ᠤᠨ ᠣᠯᠠᠨ ᠲᠦᠮᠡᠨ ᠤ ᠪᠦᠯᠬᠦᠮ ᠤᠨ ᠪᠠᠶᠢᠭᠤᠯᠤᠮᠵᠢ ᠪᠠ ᠬᠤᠯᠪᠣᠭᠳᠠᠯ ᠪᠥᠬᠦᠶ ᠪᠠᠶᠢᠭᠤᠯᠤᠯᠭ᠎ᠠ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠠ ᠬᠡᠰᠡᠭ ᠬᠤᠲᠠ ᠶᠢᠨ ᠲᠣᠭᠤᠷᠢᠭ ᠲᠤ ᠰᠠᠭᠤᠭ᠎ᠠ ᠨᠢᠭᠡᠴᠡ ᠶᠢᠨ ᠭᠤᠤᠯ ᠬᠠᠷᠢᠭᠤᠴᠠᠯᠭᠠᠲᠠᠨ ᠸᠢᠳᠢᠤ᠋ ᠶᠢᠨ ᠬᠡᠯᠪᠡᠷᠢ ᠪᠠᠷ ᠬᠤᠪᠢᠶᠠᠷᠢ ᠬᠤᠷᠠᠯ ᠤᠨ ᠲᠠᠯᠠᠪᠠᠶ ᠳᠤ ᠰᠤᠯᠠ ᠣᠷᠣᠯᠴᠠᠪᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号