ᠵᠢᠶᠠᠩ ᠼᠦᠩ ᠮᠦ ᠵᠢᠶᠠ ᠶᠢᠩᠽᠢ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ
ᠨᠡᠶᠢᠲᠡᠯᠡᠭᠰᠡᠨ ᠴᠠᠭ᠄
2022/1/7
    1 ᠰᠠᠷ᠎ᠠ ᠶᠢᠨ 5 ᠤ ᠡᠳᠦᠷ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠᠩ ᠼᠦᠩ ᠲᠡᠭᠦᠨ ᠤ ᠪᠠᠶᠢᠭ᠎ᠠ ᠮᠥ ᠵᠢᠶᠠ ᠶᠢᠩᠽᠢ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠵᠤ᠂ ᠲᠥᠯᠥᠭᠡᠯᠡᠭᠴᠢᠳ ᠲᠠᠢ ᠬᠠᠮᠲᠤ ᠪᠠᠷ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠬᠢᠨᠠᠨ ᠵᠥᠪᠯᠡᠵᠦ᠂ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠣᠨᠣᠰᠪᠠ᠃     ᠬᠢᠨᠠᠨ ᠵᠥᠪᠯᠡᠬᠦ ᠶᠠᠪᠤᠴᠠ ᠳᠤ᠂ ᠲᠥᠯᠥᠭᠡᠯᠡᠭᠴᠢᠳ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠠᠷᠠᠳ ᠤᠨ ᠠᠮᠢᠳᠤᠷᠠᠯ ᠤᠨ ᠬᠦᠷᠢᠶ᠎ᠡ᠂ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠦᠢᠯᠡᠳᠪᠦᠷᠢᠯᠡᠯ ᠬᠤᠳᠠ ᠶᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠬᠠᠯᠠᠮᠰᠢᠯ ᠠᠰᠠᠭᠤᠳᠠᠯ ᠲᠥᠪᠯᠡᠷᠡᠯ ᠤᠨ ᠠᠰᠠᠭᠤᠳᠠᠯ ᠤᠨ ᠲᠣᠭᠤᠷᠢᠨ ᠳᠤ᠂ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠨᠠᠷᠢᠨ ᠬᠢᠨᠠᠮᠠᠭᠠᠢ ᠶᠠᠷᠢᠯᠴᠠᠵᠤ᠂ ᠰᠠᠨᠠᠯ ᠰᠠᠨᠠᠭᠤᠯᠭ᠎ᠠ ᠳᠤᠷᠠᠳᠴᠠᠢ᠃ ᠵᠢᠶᠠᠩ ᠼᠦᠩ ᠲᠥᠯᠥᠭᠡᠯᠡᠭᠴᠢᠳ ᠤᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃     ᠬᠡᠰᠡᠭ ᠲᠥᠯᠥᠭᠡᠯᠡᠭᠴᠢᠳ ᠤᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ ᠵᠢᠶᠠᠩ ᠼᠦᠩ ᠵᠢᠭᠠᠵᠤ ᠭᠠᠷᠭᠠᠭᠰᠠᠨ ᠨᠢ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ 2021 ᠣᠨ ᠵᠢᠴᠢ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠰᠦᠩᠱᠠᠨ ᠲᠣᠭᠤᠷᠢᠭ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠤᠰᠤᠳᠴᠢ ᠪᠠᠷ ᠪᠥᠬᠦ ᠲᠠᠯ᠎ᠠ ᠪᠠᠷ ᠡᠷᠭᠢᠴᠡᠭᠦᠯᠵᠦ᠂ 2022 ᠣᠨ ᠪᠠ ᠢᠷᠡᠭᠡᠳᠦᠶ ᠶᠢᠨ ᠲᠠᠪᠤᠨ ᠵᠢᠯ ᠤᠨ ᠠᠵᠢᠯ ᠳᠤ ᠴᠤ ᠦᠨᠡᠨ ᠠᠴᠠ ᠵᠥᠪ ᠢ ᠡᠷᠢᠬᠦ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠣᠬᠢᠷᠠᠭᠤᠯᠤᠯᠲᠠ ᠬᠢᠵᠦ᠂ ᠢᠯᠡᠳᠬᠡᠯ ᠳᠤ ᠪᠣᠳᠠᠲᠠᠶ ᠶᠢ ᠡᠷᠬᠢᠮᠯᠡᠨ ᠤᠷᠤᠭᠰᠢᠯᠠᠨ ᠲᠠᠪᠰᠢᠵᠤ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠪᠠ᠃     ᠮᠦ ᠵᠢᠶᠠ ᠶᠢᠩᠽᠢ ᠪᠠᠯᠭᠠᠰᠤᠨ ᠤ ᠬᠤᠶᠢᠰᠢᠳᠠ ᠶᠢᠨ ᠬᠥᠭᠵᠢᠯᠲᠡ ᠶᠢᠨ ᠲᠤᠬᠠᠶ᠂ ᠵᠢᠶᠠᠩ ᠼᠦᠩ ᠴᠢᠬᠤᠯᠠᠴᠢᠯᠠᠬᠤ ᠳᠠᠭᠠᠨ᠂ ᠤᠢᠢᠷ᠎ᠠ ᠲᠡᠬᠦᠷᠭᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠡᠷᠬᠢᠨ ᠲᠣᠭᠤᠷᠢᠨ ᠤ ᠲᠣᠰᠬᠤᠨ ᠪᠠᠯᠭᠠᠰᠤ ᠶᠢᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠵᠦ᠂ ᠲᠦᠬᠦᠭᠡᠷᠦᠮᠵᠢᠲᠦ ᠲᠠᠷᠢᠶᠠᠯᠠᠩ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠡᠷᠭᠡ ᠭᠤᠣᠯᠯᠠᠭᠴᠢ ᠠᠵᠤ ᠦᠢᠯᠡᠰ ᠢ ᠦᠷᠭᠦᠯᠵᠢᠯᠡᠨ ᠰᠠᠶᠢᠲᠤᠷ ᠬᠢᠵᠦ᠂ ᠠᠵᠤ ᠦᠢᠯᠡᠰ ᠤᠨ  ᠬᠡᠯᠬᠢᠶ᠎ᠡ ᠶᠢ ᠤᠷᠲᠤᠳᠬᠠᠵᠤ᠂ ᠦᠢᠯᠡᠳᠪᠦᠷᠢᠯᠡᠯ ᠬᠤᠳᠠ ᠶᠢ ᠠᠭᠤᠰᠤᠯᠴᠠᠭᠤᠯᠤᠨ ᠬᠥᠭᠵᠢᠭᠦᠯᠬᠦ ᠰᠡᠳᠬᠢᠴᠡ ᠪᠠᠷ ᠰᠢᠨ᠎ᠡ ᠬᠡᠯᠪᠡᠷᠢ ᠶᠢᠨ ᠤᠨᠴᠠᠯᠢᠭᠳᠤ ᠠᠵᠤ ᠦᠢᠯᠡᠰ ᠢ ᠬᠥᠭᠵᠢᠭᠦᠯᠵᠦ᠂ ᠠᠵᠤ ᠦᠢᠯᠡᠰ ᠤᠨ ᠲᠡᠰ ᠳᠠᠪᠬᠤᠷᠭ᠎ᠠ ᠪᠣᠯᠤᠨ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠭᠦᠯᠵᠦ᠂ ᠭᠤᠣᠯᠯᠠᠭᠴᠢ ᠠᠵᠤ ᠦᠢᠯᠡᠰ ᠤᠨ ᠵᠠᠬ᠎ᠠ ᠳᠡᠯᠭᠡᠭᠦᠷ ᠲᠠᠬᠢ ᠦᠷᠢᠰᠦᠯᠳᠦᠬᠦ ᠬᠦᠴᠦᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠪᠣᠯᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠵᠦ᠂ ᠰᠦᠩᠱᠠᠨ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ  ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号