ᠸᠠᠩ ᠱᠦᠨ ᠬᠠᠭᠤᠴᠢᠨ ᠬᠤᠷᠤᠭ᠎ᠠ᠂ ᠸᠠᠩ ᠤᠨ ᠬᠤᠷᠤᠭ᠎ᠠ᠂ ᠱᠠᠩ ᠭᠤᠸᠠᠨ ᠳ᠋ᠢ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ
ᠨᠡᠶᠢᠲᠡᠯᠡᠭᠰᠡᠨ ᠴᠠᠭ᠄
2022/1/7
    1 ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠸᠠᠩ ᠱᠦᠨ ᠬᠠᠭᠤᠴᠢᠨ ᠬᠤᠷᠤᠭ᠎ᠠ᠂ ᠸᠠᠩ ᠤᠨ ᠬᠤᠷᠤᠭ᠎ᠠ᠂ ᠱᠠᠩ ᠭᠤᠸᠠᠨ ᠳ᠋ᠢ ᠶᠢᠨ ᠲᠥᠯᠥᠭᠡᠯᠡᠭᠴᠢᠳ ᠤᠨ ᠪᠦᠯᠬᠦᠮ ᠤᠨ ᠳᠤᠭᠤᠶᠢᠯᠠᠩ ᠬᠤᠪᠢᠶᠠᠨ ᠬᠢᠨᠠᠨ ᠵᠥᠪᠯᠡᠬᠦ ᠳᠤ ᠣᠷᠣᠯᠴᠠᠵᠤ᠂ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠠ ᠲᠥᠯᠥᠪᠯᠡᠭᠡ᠂ ᠲᠥᠰᠦᠪ ᠤᠨ ᠮᠡᠳᠡᠭᠦᠯᠦᠯᠲᠡ ᠶᠢ ᠬᠢᠨᠠᠨ ᠵᠥᠪᠯᠡᠪᠡ᠃     ᠲᠤᠬᠠᠢ ᠶᠢᠨ ᠲᠠᠯᠠᠪᠠᠢ  ᠳᠤ᠂ ᠤᠯᠠᠨ ᠢᠶᠠᠷ ᠢᠶᠠᠨ ᠲᠦᠷᠦᠭᠳᠡᠯ ᠢᠶᠠᠨ ᠶᠠᠷᠢᠵᠤ᠂ ᠠᠷᠠᠳ ᠤᠨ ᠠᠮᠢᠳᠤᠷᠠᠯ ᠤᠨ ᠠᠰᠠᠭᠤᠳᠠᠯ ᠢ ᠰᠠᠶᠢᠵᠢᠷᠠᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠠᠢ᠃     ᠲᠥᠯᠥᠭᠡᠯᠡᠭᠴᠢᠳ ᠤᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠸᠠᠩ ᠱᠦᠨ ᠱᠠᠭᠠᠷᠳᠠᠭᠰᠠᠨ ᠨᠢ᠂ ᠲᠥᠯᠥᠭᠡᠯᠡᠭᠴᠢᠳ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠠᠷᠠᠳ ᠲᠦᠮᠡᠨ ᠤ ᠬᠦᠨᠳᠦ ᠨᠠᠶᠢᠳᠠᠯᠭ᠎ᠠ ᠪᠣᠯᠤᠨ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠥᠷᠭᠡᠨ ᠢᠶᠠᠷ ᠴᠤᠭᠯᠠᠭᠤᠯᠵᠤ᠂ ᠤᠯᠠᠨ ᠲᠦᠮᠡᠨ ᠤ ᠰᠠᠨᠠᠯ ᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠬᠥᠭᠵᠢᠯᠲᠡ ᠶᠢᠨ ᠶᠡᠭᠡ ᠲᠠᠯ᠎ᠠ ᠶᠢ ᠬᠠᠮᠲᠤᠪᠠᠷ ᠰᠦᠪᠡᠭᠴᠢᠯᠡᠬᠦ ᠬᠡᠷᠡᠭᠲᠡᠢ᠃ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠶᠡᠭᠡ ᠬᠤᠷᠠᠯ ᠢ ᠰᠠᠶᠢᠲᠤᠷ ᠬᠤᠷᠠᠯᠳᠤᠭᠤᠯᠵᠤ᠂ ᠡᠯ᠎ᠡ ᠵᠦᠢᠯ ᠤᠨ ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠲᠥᠯᠥᠭᠡᠯᠡᠭᠴᠢ ᠶᠢᠨ ᠰᠣᠩᠭᠤᠭᠤᠯᠢ ᠶᠢᠨ ᠡᠷᠬᠡ ᠶᠢ ᠰᠠᠶᠢᠲᠤᠷ ᠬᠡᠷᠡᠭᠵᠢᠭᠦᠯᠵᠦ᠂ ᠰᠠᠶᠢᠨ ᠪᠠᠭ ᠢ ᠰᠣᠩᠭᠤᠨ ᠭᠠᠷᠭᠠᠬᠤ ᠶᠢ ᠪᠠᠲᠤᠯᠠᠵᠤ᠂ ᠰᠠᠶᠢᠨ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃ ᠬᠡᠬᠦᠳᠡᠭ ᠳᠦᠭᠦᠷᠡᠩ ᠤᠯᠤᠰ ᠲᠦᠷᠦ ᠶᠢᠨ ᠬᠠᠯᠠᠭᠤᠨ ᠰᠡᠳᠬᠢᠯᠭᠡ ᠪᠣᠯᠤᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠬᠤᠶᠠᠷ ᠬᠤᠷᠠᠯ ᠳᠤ ᠣᠷᠣᠯᠴᠠᠵᠤ᠂ ᠴᠢᠨᠠᠷ ᠰᠠᠶᠢᠲᠠᠢ ᠰᠠᠨᠠᠯ ᠰᠠᠨᠠᠭᠤᠯᠭ᠎ᠠ ᠳᠤᠷᠠᠳᠴᠤ᠂ ᠰᠦᠩᠱᠠᠨ ᠲᠣᠭᠤᠷᠢᠭ ᠤᠨ  ᠬᠥᠭᠵᠢᠨ ᠮᠠᠨᠳᠤᠬᠤ ᠳᠤ ᠠᠷᠭ᠎ᠠ ᠤᠬᠠᠭᠠᠨ ᠭᠠᠷᠭᠠᠬᠤ ᠬᠡᠷᠡᠭᠲᠡᠢ  ᠃          
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号