1 ᠳ᠋ᠦ᠋ᠭᠡᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠠᠷᠠᠳ ᠤᠨ | ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ | ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯᠳᠤᠭᠠᠨ ᠡᠯ᠎ᠡ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ | ᠳᠠᠭᠤᠰᠬᠠᠵᠤ᠂ ᠤᠯᠠᠭᠠᠨᠬᠠᠳᠠ ᠶᠢᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ ᠲᠣᠮᠣ ᠲᠢᠶᠠᠲᠷ ᠲᠤ | ᠦᠨᠳᠦᠷᠯᠡᠪᠡ᠃ | ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ | ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ | ᠲᠡᠷᠢᠭᠦᠯᠡᠭᠴᠢ ᠴᠢᠨ ᠢᠦᠶ ᠬᠤᠤ᠂ ᠸᠠᠩ ᠹᠧᠩ ᠵᠢᠶᠦ᠋ᠨ᠂ ᠯᠢᠦ ᠸᠠᠨ ᠯᠢ᠂ ᠰᠦᠨ ᠶᠤᠸᠠᠢ ᠴᠢᠨ᠂ ᠶᠣᠣ ᠰᠢᠤᠸᠠᠢ | ᠱᠤ᠋᠂ ᠨᠠᠷᠢᠨ ᠪᠢᠴᠢᠭ ᠤᠨ ᠳᠠᠷᠤᠭ᠎ᠠ ᠵᠠᠩ ᠢᠦᠶ ᠪᠦᠦ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ | ᠰᠠᠭᠠᠲᠠᠪᠠ᠃ | ᠵᠢᠶᠠᠩ ᠼᠦᠩ᠂ ᠸᠠᠩ ᠱᠦᠨ᠂ ᠵᠥᠩ ᠴᠢᠩ ᠰᠥᠩ᠂ ᠵᠢᠶ ᠵᠤ᠋ ᠭᠦᠸᠧ᠂ ᠹᠦ᠋ ᠴᠢᠶᠠᠩ ᠵᠡᠷᠭᠡ | ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | ᠬᠤᠲᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠭᠤᠴᠠᠭ᠎ᠠ ᠰᠣᠯᠢᠬᠤ ᠠᠵᠢᠯ ᠤᠨ ᠰᠢᠪᠠᠳᠠᠨ | ᠪᠠᠶᠢᠴᠠᠭᠠᠯᠲᠠ ᠶᠢᠨ ᠵᠢᠭᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠰᠦᠨ ᠰᠢᠶᠤᠤ ᠬᠤᠩ ᠬᠤᠷᠠᠯ ᠳᠤ | ᠣᠷᠣᠯᠴᠠᠨ ᠵᠢᠭᠠᠨ ᠵᠢᠯᠣᠭᠤᠳᠪᠠ᠃ | ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ | ᠬᠤᠭᠤᠴᠠᠭᠠᠨ ᠤ ᠬᠤᠷᠢᠶ᠎ᠠ ᠶᠢᠨ ᠭᠡᠰᠢᠭᠦᠨ ᠨᠡᠶᠢᠲᠡ 173 ᠬᠥᠮᠦᠨ ᠪᠠᠶᠢᠵᠤ᠂ ᠶᠡᠭᠡ ᠬᠤᠷᠠᠯ ᠳᠤ ᠣᠷᠣᠯᠴᠠᠭᠰᠠᠨ | ᠭᠡᠰᠢᠭᠦᠨ 168 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ | ᠴᠢᠨ ᠢᠦᠢ ᠬᠤᠤ ᠬᠤᠶᠠᠳᠤᠭᠠᠷ ᠤᠳᠠᠭ᠎ᠠ ᠶᠢᠨ ᠪᠦᠬᠦᠳᠠ ᠬᠤᠷᠠᠯ ᠤᠨ ᠰᠣᠩᠭᠤᠭᠤᠯᠢ ᠶᠢᠨ ᠬᠤᠷᠠᠯ ᠢ | ᠡᠷᠬᠢᠯᠡᠪᠡ᠃ | ᠬᠤᠷᠠᠯ ᠠᠴᠠ ︽ᠤᠯᠤᠰ ᠲᠦᠷᠦ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ | ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ︾ ᠶᠢ ᠪᠠᠲᠤᠯᠠᠵᠤ᠂ | ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠤᠨ | ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠪᠠᠲᠤᠯᠠᠪᠠ᠃ | ᠬᠤᠷᠠᠯ ᠠᠴᠠ ᠨᠢᠭᠤᠴᠠ ᠰᠣᠩᠭᠤᠭᠤᠯᠢ ᠶᠢᠨ ᠬᠡᠯᠪᠡᠷᠢ ᠪᠠᠷ ᠳᠤᠮᠳᠠᠳᠤ ᠤᠯᠤᠰ ᠤᠨ ᠠᠷᠠᠳ ᠤᠨ ᠤᠯᠤᠰ | ᠲᠦᠷᠦ ᠶᠢᠨ ᠵᠥᠪᠯᠡᠯᠭᠡᠨ ᠤ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ | ᠬᠤᠷᠢᠶ᠎ᠠ ᠶᠢᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ ᠪᠣᠯᠤᠨ ᠪᠠᠶᠢᠩᠭᠤ ᠶᠢᠨ | ᠭᠡᠰᠢᠭᠦᠨ ᠢ ᠰᠣᠩᠭᠤᠪᠠ᠃ | ᠴᠢᠨ ᠢᠦᠢ ᠬᠤᠤ ᠲᠡᠷᠢᠭᠦᠯᠡᠭᠴᠢ ᠪᠠᠷ ᠰᠣᠩᠭᠤᠭᠳᠠᠵᠤ᠂ ᠸᠠᠩ ᠹᠧᠩ ᠵᠢᠶᠦ᠋ᠨ᠂ ᠯᠢᠦ ᠸᠠᠨ ᠯᠢ᠂ ᠰᠦᠨ | ᠶᠤᠸᠠᠢ ᠴᠢᠨ᠂ ᠶᠣᠣ ᠰᠢᠤᠸᠠᠢ ᠱᠤ᠋ ᠳᠡᠳ᠋ ᠲᠡᠷᠢᠭᠦᠯᠡᠭᠴᠢ ᠪᠠᠷ ᠰᠣᠩᠭᠤᠭᠳᠠᠵᠤ᠂ ᠵᠠᠩ ᠢᠦᠢ ᠪᠦᠦ ᠨᠠᠷᠢᠨ | ᠪᠢᠴᠢᠭ ᠤᠨ ᠳᠠᠷᠤᠭ᠎ᠠ ᠪᠠᠷ ᠰᠣᠩᠭᠤᠭᠳᠠᠵᠤ᠂ ᠢᠦᠢ ᠬᠤᠸᠠ ᠵᠢᠶᠦ᠋ᠨ᠂ ᠢᠦᠢ ᠱᠤᠸᠠᠩ ᠾᠧ᠂ ᠮᠠ ᠵᠠᠨ ᠰᠢᠤᠸᠠᠢ᠂ | ᠸᠠᠩ ᠬᠦᠢ ᠹᠧᠩ ᠵᠡᠷᠭᠡ 28 ᠬᠥᠮᠦᠨ ᠪᠠᠶᠢᠩᠭᠤ ᠶᠢᠨ ᠭᠡᠰᠢᠭᠦᠨ ᠢᠶᠠᠷ ᠰᠣᠩᠭᠤᠭᠳᠠᠪᠠ᠃ | ᠰᠢᠨ᠎ᠡ ᠪᠠᠷ ᠰᠣᠩᠭᠤᠭᠳᠠᠭᠰᠠᠨ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ | ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠳᠡᠳ᠋ ᠲᠡᠷᠢᠭᠦᠯᠡᠭᠴᠢ ᠸᠠᠩ ᠹᠧᠩ ᠵᠢᠶᠦ᠋ᠨ ᠲᠡᠭᠦᠰᠬᠦ | ᠶᠡᠭᠡ ᠬᠤᠷᠠᠯ ᠢ ᠡᠷᠭᠢᠯᠡᠪᠡ᠃ | ᠬᠤᠷᠠᠯ ᠠᠴᠠ ᠂ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ | ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯ ᠤᠨ ᠲᠣᠭᠤᠷᠢᠭ ᠤᠨ ᠶᠢᠰᠦᠳᠦᠭᠡᠷ | ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ | ᠲᠤᠬᠠᠶ ᠰᠢᠢᠳᠪᠦᠷᠢ ᠶᠢ ᠬᠢᠨᠠᠨ ᠵᠦᠪᠯᠡᠵᠦ ᠪᠠᠲᠤᠯᠠᠪᠠ᠂ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ | ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯ ᠤᠨ | ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ | ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ ᠶᠢ ᠬᠢᠨᠠᠨ ᠵᠦᠪᠯᠡᠵᠦ | ᠪᠠᠲᠤᠯᠠᠪᠠ᠂ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ | ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯ ᠤᠨ ᠤᠯᠤᠰ ᠲᠦᠷᠦ ᠶᠢᠨ ᠰᠢᠢᠳᠪᠦᠷᠢ ᠶᠢ ᠬᠢᠨᠠᠨ | ᠵᠥᠪᠯᠡᠵᠦ ᠪᠠᠲᠤᠯᠠᠪᠠ᠃ | ᠬᠤᠷᠠᠯ ᠠᠴᠠ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ | ᠠᠩᠬᠠᠳᠤᠭᠠᠷ ᠬᠤᠷᠠᠯ ᠤᠨ ᠬᠢᠨᠠᠨ ᠪᠠᠶᠢᠴᠠᠭᠠᠬᠤ ᠵᠥᠪᠯᠡᠯ ᠤᠨᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠤᠨ | ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠤᠨᠤᠰᠪᠠ᠃ 1 | ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨᠠᠬᠢ 4᠄ 30 ᠪᠣᠯᠲᠠᠯ᠎ᠠ᠂ ᠨᠡᠶᠢᠲᠡ 134 ᠬᠤᠪᠢ ᠰᠠᠨᠠᠯ | ᠵᠥᠪᠯᠡᠯᠭᠡ ᠶᠢ ᠬᠤᠷᠢᠶᠠᠨ ᠣᠯᠵᠠᠶ᠂ ᠡᠭᠦᠨ ᠤ ᠳᠣᠲᠣᠷ᠎ᠠ ᠭᠡᠰᠢᠭᠦᠳ ᠤᠨ ᠬᠤᠪᠢ ᠬᠥᠮᠦᠨ ᠤ ᠰᠠᠨᠠᠯ ᠵᠥᠪᠯᠡᠯᠭᠡ | 122 ᠬᠤᠪᠢ᠂ ᠨᠡᠷ᠎ᠡ ᠬᠤᠯᠪᠤᠭᠠᠯᠠᠭᠰᠠᠨ ᠰᠠᠨᠠᠯ ᠵᠥᠪᠯᠡᠯᠭᠡ 12 ᠬᠤᠪᠢ ᠪᠠᠶᠢᠨ᠎ᠠ᠃ ᠰᠠᠨᠠᠯ ᠵᠥᠪᠯᠡᠯᠭᠡ ᠶᠢ ᠬᠢᠨᠠᠨ | ᠪᠠᠶᠢᠴᠠᠭᠠᠬᠤ ᠺᠣᠮᠢᠰ ︽ᠰᠠᠨᠠᠯ ᠵᠥᠪᠯᠡᠯᠭᠡ ᠶᠢᠨ ᠠᠵᠢᠯ ᠤᠨ ᠲᠦᠷᠢᠮ︾ ᠢ ᠦᠨᠳᠦᠰᠦᠯᠡᠨ ᠰᠠᠨᠠᠯ ᠵᠥᠪᠯᠡᠯᠭᠡ ᠶᠢ | ᠴᠢᠩᠭ᠎ᠠ ᠬᠢᠨᠠᠨ ᠪᠠᠶᠢᠴᠠᠭᠠᠵᠤ᠂ 124 ᠬᠤᠪᠢ ᠰᠠᠨᠠᠯ ᠵᠥᠪᠯᠡᠯᠭᠡ ᠶᠢ ᠬᠡᠷᠡᠭ ᠪᠣᠯᠭᠠᠨ ᠳᠠᠩᠰᠠᠯᠠᠵᠤ᠂ ᠬᠡᠷᠡᠭ ᠪᠣᠯᠭᠠᠨ | ᠳᠠᠩᠰᠠᠯᠠᠭᠰᠠᠨ ᠨᠤᠷᠮ᠎ᠠ ᠨᠢ 92.5% ᠳᠤ ᠬᠦᠷᠴᠡᠶ᠃ ᠬᠤᠷᠠᠯ ᠦᠨᠳᠦᠷᠯᠡᠭᠰᠡᠨ ᠤ ᠳᠠᠷᠠᠭ᠎ᠠ᠂ ᠲᠣᠭᠤᠷᠢᠭ ᠤᠨ | ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠪᠠ ᠭᠡᠰᠢᠭᠦᠳ ᠤᠨ ᠠᠵᠢᠯ ᠤᠨ ᠵᠥᠪᠯᠡᠯ ᠠᠴᠠ ᠱᠠᠲᠤ | ᠬᠤᠪᠢᠶᠠᠨ ᠬᠠᠷᠢᠭᠤᠴᠠᠬᠤ᠂ ᠰᠢᠰᠲ᠋ᠧᠮᠵᠢᠭᠦᠯᠦᠨ ᠰᠢᠢᠳᠪᠦᠷᠢᠯᠡᠬᠦ ᠵᠠᠷᠴᠢᠮ ᠶᠣᠰᠣᠭᠠᠷ᠂ ᠬᠡᠷᠡᠭ ᠪᠣᠯᠭᠠᠨ ᠳᠠᠩᠰᠠᠯᠠᠭᠰᠠᠨ | ᠰᠠᠨᠠᠯ ᠳᠤᠷᠠᠳᠤᠯᠭ᠎ᠠ ᠶᠢ ᠲᠣᠰ ᠲᠣᠰ ᠲᠣᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠬᠡᠷ᠂ ᠲᠣᠭᠤᠷᠢᠭ ᠤᠨ | ᠵᠠᠰᠠᠭ ᠤᠨ ᠣᠷᠳᠣᠨ ᠤ ᠠᠯᠪᠠᠨ ᠬᠡᠷ ᠲᠤ ᠬᠦᠷᠭᠡᠵᠦ ᠲᠤᠰᠢᠶᠠᠨ ᠰᠢᠢᠳᠪᠦᠷᠢᠯᠡᠭᠦᠯᠬᠦ ᠶᠢᠨ ᠬᠠᠮᠲᠤ᠂ | ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠰᠢᠯᠢᠨ ᠰᠣᠩᠭᠤᠬᠤ ᠪᠠ ᠰᠢᠪᠠᠳᠠᠨ ᠰᠢᠢᠳᠪᠦᠷᠢᠯᠡᠭᠦᠯᠬᠦ ᠠᠵᠢᠯ ᠢ | ᠥᠷᠨᠢᠭᠦᠯᠵᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠠ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠰᠢᠨ᠎ᠡ ᠪᠠᠷ ᠰᠣᠩᠭᠤᠭᠳᠠᠭᠰᠠᠨ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ | ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠡᠷᠢᠭᠦᠯᠡᠭᠴᠢ ᠴᠢᠨ ᠢᠦᠶ ᠬᠤᠤ ᠬᠤᠷᠠᠯ ᠳᠡᠭᠡᠷ᠎ᠡ | ᠶᠠᠷᠢᠶ᠎ᠠ ᠲᠠᠯᠪᠢᠪᠠ᠂ ᠲᠡᠷᠡ ᠬᠡᠯᠡᠭᠰᠡᠨ ᠨᠢ᠂ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠤᠯᠤᠰ ᠲᠦᠷᠦ ᠶᠢᠨ | ᠵᠥᠪᠯᠡᠯᠭᠡᠨ ᠤ ᠤᠳᠤᠷᠢᠳᠬᠤ ᠪᠠᠭ ᠪᠣᠯᠤᠨ ᠪᠦᠬᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠠᠷᠠᠳ ᠤᠨ ᠤᠯᠤᠰ | ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ | ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠰᠠᠨᠠᠯ ᠵᠥᠪᠯᠡᠯᠭᠡ ᠳᠤᠷᠠᠳᠤᠨ ᠵᠠᠰᠠᠭ ᠲᠤ | ᠲᠤᠰᠠᠯᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠦᠷ᠎ᠡ | ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠢᠶᠠᠨ ᠪᠦᠬᠦ ᠲᠠᠯ᠎ᠠ ᠪᠠᠷ | ᠠᠬᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠰᠢᠨ᠎ᠡ ᠪᠠᠶᠢᠳᠠᠯ ᠢ ᠡᠭᠦᠳᠴᠦ᠂ ᠪᠦᠬᠦ | ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠳᠠᠪᠰᠢᠯᠲᠠ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ | ᠴᠢᠳᠠᠯ ᠢᠶᠠᠨ ᠡᠷᠭᠦᠪᠡ᠃ ᠬᠤᠶᠢᠰᠢᠳᠠ ᠶᠢᠨ ᠲᠠᠪᠤᠨ ᠵᠢᠯ ᠳᠤ᠂ ᠲᠣᠭᠤᠷᠢᠭ ᠤᠨ ᠠᠷᠪᠠᠳᠤᠭᠠᠷ ᠬᠤᠭᠤᠴᠠᠭᠠᠨ ᠤ | ᠤᠯᠤᠰ ᠲᠥᠷᠥ ᠶᠢᠨ ᠵᠥᠪᠯᠡᠯᠭᠡᠨ ᠪᠦᠬᠦ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠪᠡᠶᠡᠯᠡᠭᠦᠯᠬᠦ ᠳᠤ ᠦᠢᠯᠡᠴᠢᠯᠡᠬᠦ ᠪᠠᠷ ᠢᠮᠠᠭᠲᠠ ᠠᠵᠢᠯ ᠤᠨ ᠢᠶᠠᠨ ᠭᠤᠣᠯ ᠰᠢᠵᠢᠮ ᠪᠣᠯᠭᠠᠵᠤ᠂ ᠦᠵᠡᠯ ᠰᠠᠨᠠᠭ᠎ᠠ ᠤᠯᠤᠰ | ᠲᠥᠷᠥ ᠶᠢᠨ ᠵᠢᠯᠣᠭᠤᠳᠣᠯᠭ᠎ᠠ ᠶᠢ ᠴᠢᠩᠭᠠᠳᠬᠠᠬᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠪᠠᠷ | ᠭᠤᠣᠯ ᠭᠤᠭᠴᠤᠭ᠎ᠠ ᠪᠣᠯᠭᠠᠵᠤ᠂ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ᠂ | ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ | ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠬᠦᠨᠳᠦ ᠨᠠᠶᠢᠳᠠᠯᠭ᠎ᠠ ᠶᠢ | ᠬᠥᠰᠡᠷᠳᠡᠭᠦᠯᠬᠦ ᠦᠭᠡᠢ᠂ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ᠂ ᠡᠭᠦᠷᠭᠡ ᠲᠤᠰᠢᠶᠠᠯ ᠢᠶᠠᠨ ᠦᠨᠡᠨᠴᠢ ᠪᠠᠷ | ᠭᠦᠢᠴᠡᠳᠬᠡᠵᠦ᠂ ᠪᠦᠯᠬᠦᠮᠳᠡᠨ ᠲᠡᠮᠡᠴᠡᠵᠦ᠂ ᠣᠷᠣᠨ ᠪᠦᠰᠡ ᠶᠢᠨ ᠭᠤᠣᠯ ᠬᠤᠳᠠ ᠶᠢᠨ ᠴᠢᠨᠠᠷ ᠰᠠᠶᠢᠲᠠᠢ | ᠬᠥᠭᠵᠢᠯᠲᠡ ᠶᠢᠨ ᠬᠤᠰᠢᠭᠤᠴᠢ ᠲᠤᠭᠤᠷᠢᠭ ᠢ ᠪᠠᠶᠢᠭᠤᠯᠬᠤ᠂ ᠪᠠᠶᠠᠨ ᠬᠦᠴᠦᠷᠬᠡᠭ᠂ ᠪᠣᠯᠪᠠᠰᠤᠨ᠂ ᠡᠶ᠎ᠡ | ᠵᠣᠬᠢᠴᠠᠩᠭᠤᠢ᠂ ᠦᠵᠡᠰᠬᠦᠯᠡᠩᠲᠦ ᠰᠠᠶᠢᠬᠠᠨ ᠰᠢᠨ᠎ᠡ ᠰᠦᠩᠱᠠᠨ ᠲᠤᠭᠤᠷᠢᠭ ᠢ ᠪᠠᠶᠢᠭᠤᠯᠬᠤ ᠳᠤ ᠤᠯᠤᠰ | ᠲᠦᠷᠦ ᠶᠢᠨ ᠵᠥᠪᠯᠡᠯᠭᠡᠨ ᠤ ᠰᠢᠨ᠎ᠡ ᠬᠤᠪᠢ ᠨᠡᠮᠡᠷᠢ ᠦᠵᠡᠭᠦᠯᠦᠨ᠎ᠡ᠃ | ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠥᠨᠳᠥᠷᠯᠡᠪᠡ᠃ | ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠡᠷᠬᠢᠯᠡᠭᠴᠢ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ | ᠨᠢᠭᠡᠴᠢ ᠶᠢᠨ ᠭᠤᠣᠯ ᠬᠠᠷᠢᠭᠤᠴᠠᠯᠭᠠᠲᠠᠨ ᠸᠢᠳᠢᠣ᠋ ᠶᠢᠨ ᠬᠡᠯᠪᠡᠷᠢ ᠪᠠᠷ ᠬᠤᠪᠢᠶᠠᠷᠢ ᠬᠤᠷᠠᠯ ᠤᠨ ᠲᠠᠯᠠᠪᠠᠢ ᠳᠤ ᠰᠤᠯᠠ | ᠣᠷᠣᠯᠴᠠᠪᠠ᠃ | | | | | | | | | | | | ᠁ |