ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠦᠨᠳᠦᠷᠯᠡᠪᠡ
ᠨᠡᠶᠢᠲᠡᠯᠡᠭᠰᠡᠨ ᠴᠠᠭ᠄
2022/1/8
    1 ᠰᠠᠷ᠎ᠠ ᠶᠢᠨ 7 ᠤ ᠦᠳᠡ ᠶᠢᠨ ᠡᠮᠦᠨ᠎ᠡ᠂ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠤᠯᠠᠭᠠᠨᠬᠠᠳᠠ ᠶᠢᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ ᠲᠤᠮᠤ ᠲᠢᠶᠠᠲᠷ ᠲᠤ ᠦᠨᠳᠦᠷᠯᠡᠪᠡ᠃     ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠵᠢᠶᠠᠩ ᠼᠦᠩ᠂ ᠸᠠᠩ ᠱᠦᠨ᠂ ᠵᠦᠩ ᠴᠢᠩ ᠰᠦᠩ᠂ ᠹᠦ᠋ ᠴᠢᠶᠠᠩ᠂ ᠶᠤᠸᠠᠨ ᠴᠦᠨ ᠯᠢ᠂ ᠰᠦᠨ ᠵᠧᠨ ᠬᠠᠢ᠂ ᠱᠢ ᠵᠢᠶᠠᠨ ᠪᠢᠨ᠂ ᠯᠢ ᠭᠦᠸᠧ ᠯᠢᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃     ᠬᠤᠲᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠭᠤᠴᠠᠭ᠎ᠠ ᠰᠣᠯᠢᠬᠤ ᠠᠵᠢᠯ ᠤᠨ ᠰᠢᠪᠠᠳᠠᠨ ᠪᠠᠶᠢᠴᠠᠭᠠᠯᠲᠠ ᠶᠢᠨ ᠵᠢᠭᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠰᠦᠨ ᠰᠢᠶᠤᠤ ᠬᠤᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃     ᠰᠦᠩᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠴᠢᠨ ᠢᠦᠢ ᠬᠤᠤ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃     ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠨᠡᠶᠢᠲᠡ 261 ᠲᠥᠯᠥᠭᠡᠯᠡᠭᠴᠢ ᠪᠠᠶᠢᠵᠤ᠂ ᠲᠣᠰ ᠤᠳᠠᠭᠠᠨ ᠤ ᠬᠤᠷᠠᠯ ᠳᠤ 254 ᠲᠥᠯᠥᠭᠡᠯᠡᠭᠴᠢ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃     ᠸᠠᠩ ᠱᠦᠨ ᠬᠤᠷᠠᠯ ᠢ ᠡᠷᠬᠢᠯᠡᠪᠡ᠃     ᠬᠤᠷᠠᠯ ᠠᠴᠠ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠪᠠᠲᠤᠯᠠᠵᠤ᠂ 2022 ᠣᠨ ᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠷᠪᠠᠨ ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠠᠲᠤᠯᠠᠪᠠ᠃ ᠨᠢᠭᠤᠴᠠ ᠰᠣᠩᠭᠤᠭᠤᠯᠢ ᠶᠢᠨ ᠬᠡᠯᠪᠡᠷᠢ ᠪᠠᠷ ᠸᠠᠩ ᠱᠦᠨ ᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ᠂ ᠶᠤᠸᠠᠨ ᠴᠦᠨ ᠯᠢ᠂ ᠰᠦᠨ ᠵᠧᠨ ᠬᠠᠢ᠂ ᠱᠢ ᠵᠢᠶᠠᠨ ᠪᠢᠨ᠂ ᠯᠢ ᠭᠦᠸᠧ ᠯᠢᠨ ᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠶᠢᠨ ᠳᠡᠳ᠋ ᠡᠷᠬᠢᠯᠡᠭᠴᠢ᠂ ᠰᠤ᠋ ᠶᠠᠨ ᠸᠧᠨ ᠵᠡᠷᠭᠡ 30 ᠬᠥᠮᠦᠨ ᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ  ᠶᠢᠨ ᠭᠡᠰᠢᠭᠦᠨ ᠢᠶᠠᠷ ᠰᠣᠩᠭᠤᠪᠠ᠃ ᠵᠥᠩ ᠴᠢᠩ ᠰᠥᠩ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ᠂ ᠯᠢᠶᠠᠩ ᠮᠢᠩ  ᠽᠧ᠂ ᠵᠢᠶᠠ ᡁᠢ ᠬᠤᠩ᠂ ᠶᠠᠩ ᠯᠢ ᠬᠥᠩ᠂ ᠰᠢᠤᠢ ᠹᠸᠢ ᠶᠠᠨ᠂ ᠸᠠᠩ ᠫᠧᠩ ᠹᠸᠢ᠂ ᠢᠦᠶ ᠬᠤᠩ ᠯᠢᠨ᠂ ᠢᠦᠶ ᠬᠤᠸᠠ ᠶᠠᠨ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠵᠣᠣ ᠶᠠ ᠳ᠋ᠦᠩ ᠢ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠴᠧᠨ ᠯᠢ ᠮᠢᠨ ᠢ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ᠂ ᠵᠠᠩ ᠯᠢ ᠭᠦᠸᠧ ᠶᠢ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠪᠠᠷ ᠰᠣᠩᠭᠤᠪᠠ᠃ ᠸᠠᠨ ᠴᠤᠤ ᠴᠢ ᠵᠡᠷᠭᠡ 44 ᠬᠥᠮᠦᠨ ᠢ ᠰᠦᠩᠱᠠᠨ ᠲᠣᠭᠤᠷᠢᠭ ᠠᠴᠠ ᠤᠯᠠᠭᠠᠨᠬᠠᠳᠠ ᠬᠤᠳᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢ ᠪᠠᠷ ᠰᠣᠩᠭᠤᠪᠠ᠃     ᠸᠠᠩ ᠱᠦᠨ᠂ ᠵᠥᠩ ᠴᠢᠩ ᠰᠥᠩ ᠲᠣᠰ ᠲᠣᠰ ᠰᠢᠨ᠎ᠡ ᠪᠠᠷ ᠰᠣᠩᠭᠤᠭᠳᠠᠭᠰᠠᠨ ᠬᠥᠮᠦᠰ ᠢ ᠳᠠᠭᠠᠭᠤᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠳᠤ ᠲᠠᠩᠭᠠᠷᠢᠭᠯᠠᠪᠠ᠃     ᠰᠢᠨ᠎ᠡ ᠪᠠᠷ ᠰᠣᠩᠭᠤᠭᠳᠠᠭᠰᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ ᠬᠤᠷᠠᠯ ᠳᠡᠭᠡᠷ᠎ᠡ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ᠃     ᠵᠦᠩ ᠴᠢᠩ ᠰᠦᠩ ᠢᠯᠡᠷᠬᠡᠶᠢᠯᠡᠭᠰᠡᠨ ᠨᠢ᠂ ᠰᠦᠩᠱᠠᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠡᠬᠢᠯᠡᠭᠦᠯᠬᠦ ᠪᠠᠷ ᠬᠦᠴᠦᠯᠡᠨ ᠴᠢᠷᠮᠠᠶᠢᠬᠤ ᠵᠠᠩᠭᠢᠯᠠᠭ᠎ᠠ ᠶᠢᠨ ᠴᠠᠭ ᠮᠥᠴᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠳᠡᠭᠡᠳᠦ ᠱᠠᠲᠤᠨ ᠤ ᠨᠠᠮ ᠤᠨ  ᠬᠤᠷᠢᠶ᠎ᠠ ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠪᠣᠯᠤᠨ ᠠᠷᠠᠳ ᠲᠦᠮᠡᠨ ᠤ ᠦᠢᠯᠡᠰ ᠲᠤ ᠳᠡᠭᠡᠳᠦ  ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ ᠵᠠᠰᠠᠭ ᠤᠨ ᠣᠷᠳᠣᠨ ᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ ᠥᠷᠨᠢᠭᠦᠯᠦᠨ᠎ᠡ︔ ᠴᠢᠨᠠᠷ ᠰᠠᠶᠢᠲᠠᠢ ᠬᠥᠭᠵᠢᠯᠲᠡ ᠶᠢ ᠢᠮᠠᠭᠲᠠ ᠪᠠᠷᠢᠮᠲᠠᠯᠠᠵᠤ᠂ ᠣᠷᠣᠨ ᠪᠦᠰᠡ ᠶᠢᠨ ᠲᠥᠪ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠲᠤᠭᠤᠷᠢᠭ ᠢ ᠲᠦᠷᠭᠡᠨ ᠪᠠᠶᠢᠭᠤᠯᠤᠨ᠎ᠠ︔ ᠠᠷᠠᠳ ᠤᠨ ᠲᠥᠯᠥᠭᠡ ᠲᠦᠷᠦ ᠪᠠᠷᠢᠬᠤ ᠶᠢ ᠢᠮᠠᠭᠲᠠ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠰᠡᠳᠬᠢᠯ ᠲᠠᠯᠪᠢᠨ᠂ ᠬᠦᠴᠦ ᠣᠷᠣᠭᠤᠯᠤᠨ ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ᠂ ᠡᠮ ᠡᠮᠨᠡᠯᠭᠡ ᠂ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠤᠯᠠᠨ ᠲᠦᠮᠡᠨ ᠤ ᠲᠤᠯᠭᠠᠮ᠎ᠠ ᠬᠦᠴᠢᠷ ᠵᠣᠪᠠᠭᠤᠷᠢ ᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠦᠬᠦ ᠲᠣᠭᠤᠷᠢᠭ ᠤᠨ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠩ ᠰᠠᠶᠢᠨ ᠰᠠᠶᠢᠬᠠᠨ ᠪᠣᠯᠭᠠᠵᠤ᠂ ᠵᠣᠯ ᠵᠢᠷᠭᠠᠯᠲᠤ ᠲᠦᠷᠦᠭᠳᠡᠯ ᠢ ᠨᠡᠩ ᠦᠷᠭᠦᠯᠵᠢᠯᠡᠭᠦᠯᠵᠦ᠂ ᠠᠮᠤᠷ ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ ᠪᠣᠯᠭᠠᠬᠤ ᠪᠠᠷ ᠴᠢᠷᠮᠠᠶᠢᠨ᠎ᠠ︔ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠵᠤ᠂ ᠡᠯ᠎ᠡ ᠲᠠᠯ᠎ᠠ ᠶᠢᠨ ᠢᠳᠡᠪᠬᠢᠵᠢᠯ ᠪᠠ ᠪᠦᠲᠦᠭᠡᠯᠴᠢ ᠴᠢᠨᠠᠷ ᠢ ᠢᠳᠡᠪᠬᠢᠲᠡᠶ ᠪᠠᠷ ᠲᠠᠶᠢᠴᠢᠯᠠᠨ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠦᠨ᠂ ᠦᠨᠡᠨ ᠰᠡᠳᠬᠢᠯ ᠠᠴᠠ ᠪᠠᠨ ᠬᠠᠮᠲᠤᠷᠠᠨ ᠠᠵᠢᠯᠯᠠᠵᠤ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠠᠵᠢᠯ ᠦᠢᠯᠡᠰ ᠢᠶᠠᠨ ᠪᠦᠲᠦᠭᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ  ᠠᠬᠢᠭᠤᠯᠤᠨ᠎ᠠ︔ ᠢᠮᠠᠭᠲᠠ ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠵᠤ᠂ ᠪᠢᠲᠡᠭᠦᠦ ᠴᠠᠭᠠᠷᠢᠭ ᠢᠶᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠷᠢᠭᠤᠨ ᠴᠢᠬᠡᠴᠢ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ ᠵᠠᠰᠠᠭ ᠤᠨ ᠣᠷᠳᠣᠨ ᠤ ᠲᠦᠷᠢ ᠲᠥᠷᠬᠦ ᠶᠢ  ᠪᠤᠢ ᠪᠣᠯᠭᠠᠨ᠎ᠠ᠃     ᠬᠤᠷᠠᠯ ᠠᠴᠠ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠡᠰᠢᠭᠦᠨ ᠱᠢ ᠵᠢᠶᠠᠨ ᠪᠢᠨ ᠤ ᠬᠢᠭᠰᠡᠨ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠭᠰᠠᠨ ᠪᠠ ᠰᠢᠢᠳᠪᠦᠷᠢᠯᠡᠭᠰᠡᠨ ᠰᠠᠨᠠᠯ ᠤᠨ ᠲᠤᠬᠠᠢ ᠮᠡᠳᠡᠭᠦᠯᠦᠯᠲᠡ ᠶᠢ  ᠰᠤᠨᠤᠰᠪᠠ᠃ ᠶᠡᠭᠡ ᠬᠤᠷᠠᠯ ᠠᠴᠠ ᠲᠣᠭᠲᠠᠭᠠᠭᠰᠠᠨ ᠰᠠᠨᠠᠯ ᠵᠥᠪᠯᠡᠯᠭᠡ ᠳᠤᠷᠠᠳᠬᠤ ᠬᠤᠭᠤᠴᠠᠭᠠᠨ ᠳᠤ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠵᠥᠪᠯᠡᠯᠭᠡ ᠶᠢ ᠨᠡᠶᠢᠳᠡ 5 ᠬᠤᠪᠢ ᠬᠤᠷᠢᠶᠠᠨ ᠠᠪᠴᠤ᠂ ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠨᠡᠶᠢᠳᠡ 88 ᠬᠤᠪᠢ ᠬᠤᠷᠢᠶᠠᠨ ᠠᠪᠤᠪᠠ᠃ ᠶᠡᠭᠡ ᠬᠤᠷᠠᠯ  ᠦᠨᠳᠦᠷᠯᠡᠭᠰᠡᠨ ᠤ ᠳᠠᠷᠠᠭ᠎ᠠ᠂ ᠳᠡᠭᠡᠷ᠎ᠡ ᠳᠤᠷᠠᠳᠤᠭᠰᠠᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ︽ ᠵᠠᠰᠠᠭ ᠤᠨ ᠣᠷᠳᠣᠨ ᠬᠢᠨᠠᠨ ᠪᠠᠶᠢᠴᠠᠭᠠᠬᠤ ᠵᠥᠪᠯᠡᠯ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ︾ ᠵᠢᠴᠢ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠳᠤ ᠰᠢᠯᠵᠢᠭᠦᠯᠦᠨ ᠥᠭᠴᠦ ᠰᠢᠢᠳᠪᠦᠷᠢᠯᠡᠭᠦᠯᠦᠨ᠎ᠡ᠂ ᠡᠯ᠎ᠡ ᠰᠢᠢᠳᠪᠦᠷᠢᠯᠡᠬᠦ ᠪᠠᠶᠢᠭᠤᠯᠭ᠎ᠠ ᠨᠤᠭᠤᠳ ᠬᠤᠷᠠᠯ ᠲᠡᠭᠦᠰᠦᠭᠰᠡᠨ ᠤ ᠳᠠᠷᠠᠭᠠᠬᠢ ᠭᠤᠷᠪᠠᠨ ᠰᠠᠷ᠎ᠠ ᠶᠢᠨ ᠳᠣᠲᠣᠷ᠎ᠠ ᠰᠢᠢᠳᠪᠦᠷᠢᠯᠡᠵᠦ ᠳᠠᠭᠤᠰᠬᠠᠭᠠᠳ᠂ ᠰᠢᠢᠳᠪᠦᠷᠢᠯᠡᠭᠰᠡᠨ ᠦᠷ᠎ᠡ ᠳ᠋ᠦᠩ ᠢᠶᠠᠨ ᠲᠥᠯᠥᠭᠡᠯᠡᠭᠴᠢᠳ ᠲᠤ ᠬᠠᠷᠢᠭᠤ ᠥᠭᠬᠦ ᠶᠢᠨ ᠬᠠᠮᠲᠤ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠬᠦ ᠬᠡᠷᠡᠭᠲᠡᠶ᠃     ᠬᠤᠷᠠᠯ ᠠᠴᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ ᠶᠢᠨ ᠲᠤᠬᠠᠶ  ᠰᠢᠢᠳᠪᠦᠷᠢ ᠂ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ 2022 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠮᠡᠳᠡᠭᠦᠯᠦᠯᠲᠡ ᠶᠢ ᠵᠥᠪᠰᠢᠶᠡᠷᠡᠬᠦ ᠲᠤᠬᠠᠶ  ᠰᠢᠢᠳᠪᠦᠷᠢ᠂ ᠰᠦᠩᠱᠠᠨ ᠲᠣᠭᠤᠷᠢᠭ ᠤᠨ 2021 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠵᠢᠴᠢ 2022 ᠣᠨ ᠤ ᠡᠳ᠋ ᠤᠨ ᠵᠠᠰᠠᠭ ᠤᠨ ᠲᠥᠰᠦᠪ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢ ᠪᠠᠲᠤᠯᠠᠪᠠ᠃     ᠰᠦᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠱᠦᠨ ᠬᠤᠷᠠᠯ ᠡᠷᠬᠢᠯᠡᠬᠦ ᠳᠡᠭᠡᠨ ᠵᠢᠭᠠᠵᠤ ᠭᠠᠷᠭᠠᠭᠰᠠᠨ ᠨᠢ᠂ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠲᠥᠪ ᠴᠢᠩᠭ᠎ᠠ ᠨᠠᠷᠢᠨ ᠬᠢᠨᠠᠮᠠᠭᠠᠶ ᠪᠠᠷ ᠬᠤᠷᠠᠯ ᠳᠤ ᠣᠷᠣᠯᠴᠠᠵᠤ᠂ ᠢᠯᠡᠳᠬᠡᠯ ᠢ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠬᠢᠨᠠᠨ ᠶᠠᠷᠢᠯᠴᠠᠵᠤ᠂ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠲᠤ ᠪᠠᠷ ᠰᠦᠪᠡᠭᠴᠢᠯᠡᠨ᠂ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠢ ᠬᠠᠮᠲᠤ ᠪᠠᠷ ᠵᠥᠪᠳᠡᠯᠴᠡᠵᠦ᠂ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠰᠡᠳᠬᠢᠯᠭᠡ᠂ ᠴᠢᠩᠭ᠎ᠠ ᠨᠢᠮᠪᠠᠢ ᠡᠭᠦᠷᠭᠡ ᠬᠠᠷᠢᠭᠤᠴᠠᠯᠭ᠎ᠠ᠂  ᠰᠢᠯᠢᠳᠡᠭ‌‍ᠢ ᠬᠡᠪ ᠴᠢᠨᠠᠷ ᠪᠠ ᠰᠠᠶᠢᠨ ᠰᠠᠶᠢᠬᠠᠨ ᠬᠡᠪ ᠰᠤᠷᠲᠠᠯ ᠤᠨ ᠲᠦᠷᠢ ᠲᠥᠷᠬᠦ ᠶᠢ ᠲᠥᠪᠯᠡᠷᠡᠭᠦᠯᠦᠨ ᠢᠯᠡᠷᠡᠭᠦᠯᠪᠡ᠃     ᠸᠠᠩ ᠱᠦᠨ ᠴᠢᠬᠤᠯᠠᠴᠢᠯᠠᠭᠰᠠᠨ ᠨᠢ᠂ ᠶᠡᠭᠡ ᠬᠤᠷᠠᠯ ᠠᠴᠠ ᠥᠩᠭᠡᠷᠡᠭᠰᠡᠨ ᠲᠠᠪᠤᠨ ᠵᠢᠯ ᠤᠨ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠪᠣᠯᠤᠨ ᠲᠤᠷᠰᠢᠯᠭ᠎ᠠ ᠶᠢ ᠨᠠᠷᠢᠨ ᠬᠢᠨᠠᠮᠠᠭᠠᠢ ᠳ᠋ᠦᠩᠨᠡᠵᠦ᠂ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠬᠠᠷᠠᠯᠲᠠ ᠪᠣᠯᠤᠨ ᠠᠵᠢᠯ ᠤᠨ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠵᠤ᠂ ᠪᠦᠬᠦ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠢ ᠠᠭᠤᠯᠠᠵᠤ ᠪᠤᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠶ ᠪᠣᠯᠭᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠲᠣᠭᠤᠷᠢᠭ ᠤᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ‌‍ᠲ᠋ᠣᠭᠤᠷᠢᠭ ᠤᠨ ᠨᠠᠮ ᠤᠨ  ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠤᠳᠠᠭ᠎ᠠ ᠶᠢᠨ ᠪᠦᠬᠦ ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠴᠢᠭᠯᠡᠯ ᠢ ᠯᠠᠪᠳᠠᠭᠤᠨ ᠡᠵᠡᠮᠳᠡᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠯ᠎ᠡ ᠲᠠᠯ᠎ᠠ ᠳᠤ ᠲᠤᠤᠱᠯᠠᠭᠤᠯᠵᠤ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠪᠦᠬᠦ ᠶᠠᠪᠤᠴᠠ ᠳᠤ ᠨᠠᠶᠢᠳᠠᠪᠤᠷᠢᠵᠢᠭᠤᠯᠵᠤ᠂ ᠨᠠᠮ ᠤᠨ ᠱᠤᠭᠤᠮ ᠴᠢᠭᠯᠡᠯᠲᠡ ᠶᠢ ᠪᠦᠬᠦ ᠲᠠᠯ᠎ᠠ ᠪᠠᠷ ᠪᠦᠲᠦᠮᠵᠢᠲᠡᠢ ᠬᠡᠷᠡᠭᠵᠢᠭᠦᠯᠬᠦ ᠶᠢ ᠪᠠᠲᠤᠯᠠᠵᠤ᠂ ᠪᠦᠬᠦ ᠲᠣᠭᠤᠷᠢᠭ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠬᠦᠴᠦᠨ ᠨᠠᠮᠡᠷᠢᠯᠡᠬᠦ ᠬᠡᠷᠡᠭᠲᠡᠢ᠃ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠡᠷᠡᠰ ᠭᠤᠶᠢᠪᠢᠰᠢ ᠦᠭᠡᠢ ᠪᠠᠷ ᠪᠠᠲᠤᠯᠠᠨ ᠬᠥᠭᠵᠢᠭᠦᠯᠵᠦ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠤᠶᠤᠨ ᠤᠬᠠᠭᠠᠨ ᠪᠠ ᠬᠦᠴᠦᠨ ᠴᠢᠳᠠᠯ ᠢ ᠨᠡᠩ ᠪᠦᠲᠦᠮᠵᠢᠲᠡᠶ ᠪᠠᠷ ᠨᠢᠭᠲᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢᠳᠡ ᠬᠠᠷᠢᠭᠤ ᠳᠤᠰᠬᠠᠯ ᠲᠠᠢ ᠪᠠᠶᠢᠬᠤ ᠶᠢ ᠪᠡᠶᠡᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠠᠭ ᠦᠶ᠎ᠡ ᠶᠢᠨ ᠱᠠᠭᠠᠷᠳᠠᠯᠭ᠎ᠠ ᠳᠤ ᠨᠡᠩ ᠢᠯᠡᠭᠦᠦ ᠨᠡᠶᠢᠴᠡᠭᠦᠯᠵᠦ᠂ ᠤᠯᠠᠨ ᠲᠦᠮᠡᠨ ᠤ ᠬᠦᠰᠡᠯ ᠰᠠᠨᠠᠭ᠎ᠠ ᠶᠢ ᠢᠯᠡᠷᠡᠭᠦᠯᠵᠦ᠂ ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ  ᠬᠡᠷᠡᠭᠲᠡᠶ᠃     ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠲᠡᠭᠦᠰᠪᠡ᠃     ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠰᠢ ᠲᠣᠭᠤᠷᠢᠭ ᠤᠨ ᠨᠠᠮ ᠤᠨ ᠬᠤᠷᠢᠶ᠎ᠠ ᠵᠢᠨ‌ᠠᠵᠢᠯ ᠤᠨ ᠪᠠᠶᠢᠭᠤᠯᠤᠯᠭ᠎ᠠ᠂ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠭᠡᠷ ᠲᠤᠪᠴᠢᠶ᠎ᠠ ᠶᠢᠨ ᠭᠤᠣᠯ ᠬᠠᠷᠢᠭᠤᠴᠠᠯᠭᠠᠲᠠᠨ᠂ ᠰᠢᠶᠠᠩ ᠪᠠᠯᠭᠠᠰᠤᠨ ᠤ ᠨᠠᠮ ᠤᠨ  ᠬᠤᠷᠢᠶ᠎ᠠ ᠶᠢᠨ ᠱᠦᠵᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠂ ᠲᠣᠭᠤᠷᠢᠭ ᠤᠨ ᠤᠯᠠᠨ ᠲᠦᠮᠡᠨ ᠤ ᠪᠦᠯᠬᠦᠮ ᠤᠨ ᠪᠠᠶᠢᠭᠤᠯᠤᠮᠵᠢ᠂ ᠬᠤᠯᠪᠣᠭᠳᠠᠯ ᠪᠦᠬᠦᠢ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠪᠣᠯᠤᠨ ᠬᠡᠰᠡᠭ ᠬᠤᠳᠠ ᠶᠢᠨ ᠲᠣᠭᠤᠷᠢᠭ ᠲᠤ ᠰᠠᠭᠤᠭ᠎ᠠ ᠨᠢᠭᠡᠴᠡ ᠶᠢᠨ ᠭᠤᠣᠯ ᠬᠠᠷᠢᠭᠤᠴᠠᠯᠭᠠᠲᠠᠨ ᠸᠢᠳᠢᠣ᠋ ᠶᠢᠨ ᠬᠡᠯᠪᠡᠷᠢ ᠪᠠᠷ ᠬᠤᠪᠢᠶᠠᠷᠢ ᠬᠤᠷᠠᠯ ᠤᠨ ᠲᠠᠯᠠᠪᠠᠢ ᠳᠤ ᠰᠤᠯᠠ ᠣᠷᠣᠯᠴᠠᠪᠠ᠃          
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号