︽ᠤᠯᠠᠭᠠᠨᠬᠠᠳᠠ ᠬᠤᠲᠠ ᠶᠢᠨ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ᠠᠵᠢᠯ ᠤᠨ ᠲᠥᠰᠦᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2022/10/19
      ᠨᠢᠭᠡ᠂ ᠨᠡᠶᠢᠲᠡᠯᠡᠭᠰᠡᠨ ᠠᠬᠤᠶ ᠪᠠᠶᠢᠳᠠᠯ      ᠰᠢ ᠶᠢᠨ ᠫᠢᠩ ᠶᠡᠷᠦᠩᠬᠡᠶ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠨᠢᠭᠡᠳᠦᠯᠲᠡᠶ ᠲᠥᠯᠥᠪᠯᠡᠬᠦ ᠲᠤᠬᠠᠶ ᠰᠢᠷᠢᠰ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠮᠠᠨ ᠤ ᠬᠤᠲᠠ ᠶᠢᠨ ᠠᠵᠤ ᠠᠬᠤᠶ ᠶᠢᠨ ᠬᠠᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠵᠢᠭᠤᠯᠴᠢᠯᠠᠯ ᠤᠨ  ᠦᠢᠯᠡᠰ ᠢ ᠰᠡᠷᠭᠦᠭᠡᠨ ᠬᠥᠭᠵᠢᠭᠦᠯᠬᠦ ᠪᠣᠳᠠᠲᠤ ᠪᠠᠶᠢᠳᠠᠯ ᠳᠤ ᠰᠠᠭᠤᠷᠢᠯᠠᠨ᠂ 2022 ᠣᠨ ᠤ 7 ᠰᠠᠷ᠎ᠠ ᠶᠢᠨ 20 ᠤ ᠡᠳᠦᠷ᠂ ᠤᠯᠠᠭᠠᠨᠬᠠᠳᠠ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠤᠯᠠᠭᠠᠨᠬᠠᠳᠠ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠷᠢᠶ᠎ᠠ ᠶᠢᠨ ᠠᠬᠠᠮᠠᠳ ᠺᠠᠳ᠋ᠷᠴᠤᠳ ᠤᠨ ᠲᠣᠪᠴᠢᠶ᠎ᠠ᠂ ᠤᠯᠠᠭᠠᠨᠬᠠᠳᠠ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠬᠠᠮᠲᠤᠷᠠᠨ ᠲᠣᠰ ᠲᠥᠰᠦᠯ ᠢ ᠨᠡᠶᠢᠲᠡᠯᠡᠪᠡ᠃      ᠬᠤᠶᠠᠷ᠂ ᠭᠤᠣᠯ ᠠᠭᠤᠯᠭ᠎ᠠ      ᠲᠣᠰ ᠲᠥᠰᠦᠯ ᠳᠤ ᠨᠡᠶᠢᠲᠡ 3 ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠄      ᠨᠢᠭᠡ ᠳᠤ᠂ ︽ᠤᠯᠠᠭᠠᠨᠬᠠᠳᠠ ᠶᠢᠨ ᠬᠥᠮᠦᠰ ᠤᠯᠠᠭᠠᠨᠬᠠᠳᠠ ᠳᠤ ᠵᠢᠭᠤᠯᠴᠢᠯᠠᠬᠤ︾ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠦᠨ᠎ᠡ᠃ ᠡᠭᠦᠨ ᠳᠤ ᠺᠠᠳ᠋ᠷ ᠠᠵᠢᠯᠲᠠᠨ ᠠᠵᠢᠯᠴᠢᠨ ᠤ ᠬᠤᠲᠠ ᠶᠢᠨ ᠳᠣᠲᠣᠷᠠᠬᠢ ᠵᠢᠭᠤᠯᠴᠢᠯᠠᠯ ᠢ ᠵᠣᠷᠢᠭᠵᠢᠭᠤᠯᠬᠤ᠂ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠬᠤ᠂ ᠬᠤᠲᠠ ᠶᠢᠨ ᠵᠢᠭᠤᠯᠴᠢᠯᠠᠯ᠂ ᠬᠤᠲᠠ ᠶᠢᠨ ᠲᠡᠭᠦᠷᠭᠡ ᠶᠢᠨ ᠵᠢᠭᠤᠯᠴᠢᠯᠠᠯ᠂ ᠬᠥᠳᠡᠭᠡ ᠲᠣᠰᠬᠤᠨ ᠤ ᠵᠢᠭᠤᠯᠴᠢᠯᠠᠯ ᠥᠷᠨᠢᠭᠦᠯᠬᠦ ᠶᠢ ᠵᠣᠷᠢᠭᠵᠢᠭᠤᠯᠬᠤ᠂ ᠡᠯ᠎ᠡ ᠰᠦᠢᠳᠬᠡᠯ ᠬᠤᠷᠢᠶᠠᠬᠤ ᠦᠵᠡᠮᠵᠢ ᠶᠢᠨ ᠣᠷᠣᠨ ᠬᠠᠮᠵᠢᠯᠴᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠵᠢᠭᠤᠯᠴᠢᠯᠠᠯ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠠᠯᠪᠠᠨ ᠶᠠᠪᠤᠳᠠᠯ ᠤᠨ ᠠᠵᠢᠯᠯᠠᠭ᠎ᠠ ᠶᠢ ᠳᠡᠮᠵᠢᠬᠦ ᠵᠡᠷᠭᠡ ᠲᠠᠪᠤᠨ ᠬᠡᠰᠡᠭ ᠠᠭᠤᠯᠭ᠎ᠠ ᠪᠠᠭᠲᠠᠨ᠎ᠠ᠃      ᠬᠤᠶᠠᠷ ᠲᠤ᠂ ᠵᠣᠴᠢᠳ ᠤᠨ ᠢᠷᠡᠯᠲᠡ ᠶᠢᠨ ᠴᠢᠨᠠᠷ ᠰᠠᠶᠢᠲᠠᠶ ᠵᠠᠬ᠎ᠠ ᠳᠡᠯᠭᠡᠭᠦᠷ ᠢ ᠭᠦᠨᠵᠡᠭᠡᠶ ᠨᠡᠭᠡᠭᠡᠨ ᠬᠥᠭᠵᠢᠭᠦᠯᠦᠨ᠎ᠡ᠃ ᠡᠭᠦᠨ ᠳᠤ ᠭᠤᠤᠯᠳᠠᠯᠭ᠎ᠠ ᠲᠠᠢ ᠠᠶᠠᠨᠴᠢᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠥᠷᠭᠡᠳᠬᠡᠬᠦ ᠪᠠ ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ ᠠᠶᠠᠨᠴᠢᠳ ᠤᠨ ᠢᠷᠡᠯᠲᠡ ᠶᠢᠨ ᠬᠤᠶᠠᠷ ᠬᠡᠰᠡᠭ ᠠᠭᠤᠯᠭ᠎ᠠ ᠪᠠᠭᠲᠠᠨ᠎ᠠ᠃      ᠭᠤᠷᠪᠠ ᠳᠤ᠂ ᠬᠢᠵᠢᠭ ᠤᠨ ᠪᠠᠶᠢᠳᠠᠯ ᠢ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠬᠢᠵᠠᠭᠠᠷᠯᠠᠬᠤ ᠶᠢ ᠴᠢᠩᠭᠠᠳᠬᠠᠨ᠎ᠠ᠃ ᠡᠭᠦᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠬᠤ ᠬᠤᠶᠠᠷ ᠬᠡᠰᠡᠭ ᠠᠭᠤᠯᠭ᠎ᠠ ᠪᠠᠭᠲᠠᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号