ᠨᠢᠭᠡ᠂ ᠨᠡᠶᠢᠲᠡᠯᠡᠭᠰᠡᠨ ᠠᠬᠤᠶ ᠪᠠᠶᠢᠳᠠᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠢᠯ | ᠣᠯᠭᠤᠯᠲᠠ ᠶᠢ ᠪᠠᠲᠤᠯᠠᠬᠤ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠤᠯᠠᠭᠠᠨᠬᠠᠳᠠ ᠳᠤ ᠢᠷᠡᠬᠦ ᠪᠠ ᠤᠯᠠᠭᠠᠨᠬᠠᠳᠠ ᠳᠤ | ᠦᠯᠡᠳᠡᠵᠦ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠤᠯᠠᠮ ᠨᠢᠭᠡ ᠠᠯᠬᠤᠮ ᠠᠬᠢᠭᠤᠯᠵᠤ᠂ ︽ᠵᠢᠷᠭᠤᠭᠠᠨ | ᠤᠯᠠᠭᠠᠨᠬᠠᠳᠠ︾ ᠶᠢᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠬᠦ ᠶᠢᠨ ᠲᠥᠯᠥᠭᠡ᠂ ᠬᠤᠲᠠ ᠶᠢᠨ ᠵᠠᠰᠠᠭ ᠤᠨ | ᠣᠷᠳᠣᠨ 2022 ᠣᠨ ᠤ 7 ᠰᠠᠷ᠎ᠠ ᠶᠢᠨ 21 ᠤ ᠡᠳᠦᠷ ︽ᠤᠯᠠᠭᠠᠨᠬᠠᠳᠠ ᠬᠤᠲᠠ ᠶᠢᠨ ᠳᠡᠭᠡᠳᠦ ᠰᠤᠷᠭᠠᠭᠤᠯᠢ | ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠲᠥᠷᠥ ᠶᠢᠨ | ᠪᠣᠳᠣᠯᠭ᠎ᠠ ᠨᠤᠭᠤᠳ︾ ︵ᠳᠣᠷᠣᠭᠰᠢ ︽ᠲᠥᠷᠥ ᠶᠢᠨ ᠪᠣᠳᠣᠯᠭ᠎ᠠ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ | | ᠬᠤᠶᠠᠷ᠂ ᠪᠣᠳᠠᠲᠠᠶ ᠠᠭᠤᠯᠭ᠎ᠠ | ︽ᠲᠥᠷᠥ ᠶᠢᠨ ᠪᠣᠳᠣᠯᠭ᠎ᠠ︾ ᠳᠤ ᠨᠡᠶᠢᠲᠡ ᠲᠠᠪᠤᠨ ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠄ | ᠨᠢᠭᠡ ᠳᠤ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠤᠨ ᠪᠠᠶᠢᠷᠢ ᠶᠢ ᠨᠡᠭᠡᠭᠡᠨ | ᠬᠥᠭᠵᠢᠭᠦᠯᠦᠨ᠎ᠡ᠂ ᠡᠭᠦᠨ ᠳᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠣᠷᠣᠨ ᠲᠤᠭ᠎ᠠ ᠶᠢᠨ ᠡᠬᠢ | ᠪᠠᠶᠠᠯᠢᠭ ᠢ ᠭᠦᠢᠴᠡᠳ ᠬᠡᠷᠡᠭᠯᠡᠬᠦ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ | ᠦᠢᠯᠡᠴᠢᠯᠡᠬᠦ ᠶᠢ ᠵᠣᠷᠢᠭᠵᠢᠭᠤᠯᠬᠤ᠂ ᠴᠢᠳᠠᠪᠤᠷᠢᠲᠠᠨ ᠤ ᠲᠤᠰᠬᠠᠶ ᠣᠷᠣᠨ ᠲᠤᠭ᠎ᠠ ᠶᠢ ᠬᠡᠷᠡᠭᠯᠡᠬᠦ ᠴᠢᠳᠠᠪᠤᠷᠢ ᠶᠢ | ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠬᠤ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ | ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠭᠡᠮ ᠤᠨ ᠳᠠᠳᠤᠯᠭ᠎ᠠ ᠳᠤ ᠣᠷᠣᠯᠴᠠᠬᠤ ᠶᠢ ᠵᠣᠷᠢᠭᠵᠢᠭᠤᠯᠬᠤ ᠵᠡᠷᠭᠡ | ᠲᠠᠪᠤᠨ ᠬᠡᠰᠡᠭ ᠪᠠᠭᠲᠠᠨ᠎ᠠ᠃ | ᠬᠤᠶᠠᠷ ᠲᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠬᠦ ᠠᠳᠠᠯ ᠦᠢᠯᠡᠰ ᠴᠣᠭᠴᠠᠯᠠᠬᠤ | ᠨᠥᠬᠦᠪᠥᠷᠢ ᠶᠢ ᠨᠠᠶᠢᠳᠠᠪᠤᠷᠢᠵᠢᠭᠤᠯᠤᠨ᠎ᠠ᠂ ᠡᠭᠦᠨ ᠳᠤ ᠨᠢᠭᠡ ᠯᠡ ᠤᠳᠠᠭ᠎ᠠ ᠶᠢᠨ ᠴᠢᠨᠠᠷᠲᠠᠶ ᠲᠥᠪᠬᠢᠨᠡᠭᠦᠯᠬᠦ ᠰᠦᠢᠳᠬᠡᠯ | ᠥᠭᠬᠦ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠥᠷᠢ ᠶᠢᠨ ᠲᠤᠭ᠎ᠠ ᠬᠡᠮᠵᠢᠶ᠎ᠡ ᠶᠢ | ᠳᠡᠭᠡᠭᠰᠢᠯᠡᠭᠦᠯᠬᠦ᠂ ᠠᠵᠤ ᠠᠬᠤᠶᠢᠯᠠᠯ ᠤᠨ ᠠᠵᠢᠯ ᠠᠮᠢᠳᠤᠷᠠᠯ ᠤᠨ ᠨᠥᠬᠦᠪᠥᠷᠢ ᠶᠢ ᠰᠢᠢᠳᠪᠦᠷᠢᠯᠡᠬᠦ᠂ ᠲᠣᠰ ᠭᠠᠵᠠᠷ ᠤᠨ | ᠬᠡᠷ ᠪᠠᠶᠢᠰᠢᠩ ᠬᠤᠳᠠᠯᠳᠤᠨ ᠠᠪᠬᠤ ᠶᠢ ᠳᠡᠮᠵᠢᠬᠦ᠂ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢ | ᠨᠠᠶᠢᠳᠠᠪᠤᠷᠢᠵᠢᠭᠤᠯᠬᠤ᠂ ᠠᠮᠢᠳᠤᠯᠢᠭ ᠢᠶᠠᠷ ᠠᠵᠢᠯ ᠣᠯᠭᠤᠬᠤ ᠨᠥᠬᠦᠪᠥᠷᠢ ᠶᠢ ᠨᠠᠶᠢᠳᠠᠪᠤᠷᠢᠵᠢᠭᠤᠯᠬᠤ᠂ ᠶᠠᠳᠠᠭᠤ | ᠬᠦᠴᠢᠷᠳᠡᠯᠲᠡᠶ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠡᠷᠢᠬᠦ ᠨᠥᠬᠦᠪᠥᠷᠢ ᠥᠭᠬᠦ᠂ ᠰᠦᠢᠳᠬᠡᠯ | ᠬᠤᠷᠢᠶᠠᠬᠤ ᠥᠬᠡᠶ ᠪᠠᠷ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠥᠷᠨᠢᠭᠦᠯᠬᠦ ᠵᠡᠷᠭᠡ ᠨᠠᠢᠮᠠᠨ | ᠬᠡᠰᠡᠭ ᠪᠠᠭᠲᠠᠨ᠎ᠠ᠃ | ᠭᠤᠷᠪᠠ ᠳᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠤᠯᠠᠭᠠᠨᠬᠠᠳᠠ ᠳᠤ ᠠᠳᠠᠯ ᠦᠢᠯᠡᠰ ᠴᠣᠭᠴᠠᠯᠠᠬᠤ ᠶᠢ | ᠳᠡᠮᠵᠢᠨ᠎ᠡ᠂ ᠡᠭᠦᠨ ᠳᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠵᠢᠴᠢ ᠳᠠᠮ ᠬᠦᠤ ᠥᠭᠬᠦ᠂ ᠨᠢᠭᠡ | ᠯᠡ ᠤᠳᠠᠭ᠎ᠠ ᠶᠢᠨ ᠴᠢᠨᠠᠷᠲᠠᠶ ᠠᠳᠠᠯ ᠦᠢᠯᠡᠰ ᠴᠣᠭᠴᠠᠯᠠᠬᠤ ᠨᠥᠬᠦᠪᠥᠷᠢ ᠶᠢ ᠨᠠᠶᠢᠳᠠᠪᠤᠷᠢᠵᠢᠭᠤᠯᠬᠤ᠂ ᠠᠳᠠᠯ ᠦᠢᠯᠡᠰ | ᠴᠣᠭᠴᠠᠯᠠᠬᠤ ᠤᠷᠤᠯᠳᠤᠭᠠᠨ ᠤ ᠱᠠᠩᠨᠠᠯ ᠣᠯᠤᠭᠰᠠᠨ ᠪᠦᠯᠬᠦᠮ ᠨᠡᠶᠢᠲᠡ ᠶᠢ ᠲᠤᠰᠠᠯᠠᠬᠤ᠂ ᠠᠳᠠᠯ ᠦᠢᠯᠡᠰ | ᠴᠣᠭᠴᠠᠯᠠᠬᠤ ᠦᠢᠯᠡᠴᠢᠯᠡᠭᠡᠨ ᠤ ᠲᠤᠯᠭᠠᠭᠤᠷᠢᠯᠠᠯ ᠬᠠᠩᠭᠠᠬᠤ ᠵᠡᠷᠭᠡ ᠳᠥᠷᠪᠡᠨ ᠬᠡᠰᠡᠭ ᠪᠠᠭᠲᠠᠨ᠎ᠠ᠃ | ᠳᠥᠷᠪᠡ ᠳᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ | ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠷᠠᠭᠤᠯᠤᠨ᠎ᠠ᠂ ᠡᠭᠦᠨ ᠳᠤ ᠬᠥᠮᠦᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠪᠠᠶᠢᠭᠤᠯᠤᠮᠵᠢ ᠳᠤ ᠱᠠᠩᠨᠠᠯ ᠣᠯᠭᠤᠬᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠣᠯᠠᠨ | ᠨᠡᠶᠢᠲᠡ ᠶᠢᠨ ᠦᠢᠯᠡᠴᠢᠯᠡᠭᠡ ᠶᠢ ᠴᠢᠩᠭᠠᠷᠠᠭᠤᠯᠬᠤ᠂ ᠠᠵᠤ ᠠᠬᠤᠶᠢᠯᠠᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢᠨ | ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠬᠡᠷᠡᠭᠵᠢᠭᠦᠯᠬᠦ ᠭᠤᠷᠪᠠᠨ ᠬᠡᠰᠡᠭ ᠪᠠᠭᠲᠠᠨ᠎ᠠ᠃ | ᠲᠠᠪᠤ ᠳᠤ ᠪᠤᠰᠤᠳ ᠠᠩᠬᠠᠷᠬᠤ ᠴᠢᠬᠤᠯᠠᠲᠠᠶ ᠵᠦᠢᠯᠡᠰ᠃ ᠡᠭᠦᠨ ᠳᠤ ᠳᠥᠷᠪᠡᠨ ᠬᠡᠰᠡᠭ ᠠᠭᠤᠯᠭ᠎ᠠ ᠪᠠᠭᠲᠠᠨ᠎ᠠ᠄ | ᠲᠣᠰ ᠲᠥᠷᠥ ᠶᠢᠨ ᠪᠣᠳᠣᠯᠭ᠎ᠠ ᠳᠤ ᠵᠢᠭᠠᠵᠤ ᠪᠠᠶᠢᠭ᠎ᠠ ︽ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ︾ ᠳᠤ᠂ | ᠲᠥᠷᠥ ᠶᠢᠨ ᠪᠣᠳᠣᠯᠭ᠎ᠠ ᠳᠤ ᠣᠨᠴᠠᠭᠠᠶ ᠲᠣᠭᠲᠠᠭᠠᠯ ᠲᠠᠢ ᠶᠢ ᠭᠠᠷᠭᠠᠪᠠᠯ᠂ ᠴᠥᠮ ᠲᠡᠭᠦᠰᠬᠦ ᠣᠨ ᠵᠢᠴᠢ ᠲᠡᠭᠦᠰᠬᠦ | ᠣᠨ ᠤ ᠲᠦᠷᠦᠭᠦᠤ ᠬᠤᠶᠠᠷ ᠵᠢᠯ ᠤᠨ ᠳᠣᠲᠣᠷᠠᠬᠢ ᠪᠦᠬᠦᠯᠢ ᠡᠳᠦᠷ ᠤᠨ ᠳᠦᠷᠢᠮᠲᠦ ᠳᠡᠭᠡᠳᠦ ᠵᠡᠷᠭᠡ ᠶᠢᠨ ᠲᠤᠰᠬᠠᠶ | ᠮᠡᠷᠭᠡᠵᠢᠯ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠲᠡᠭᠦᠰᠦᠭᠰᠡᠨ ᠰᠣᠷᠣᠭᠴᠢ︔ ᠲᠣᠰ ᠲᠥᠷᠥ ᠶᠢᠨ | ᠪᠣᠳᠣᠯᠭ᠎ᠠ ᠶᠢᠨ ᠳᠣᠲᠣᠷᠠᠬᠢ ᠮᠠᠨ ᠤ ᠬᠤᠲᠠ ᠶᠢᠨ ᠣᠲᠣ ᠶᠢᠨ ᠪᠠᠶᠢᠭ᠎ᠠ ᠴᠢᠳᠠᠪᠤᠷᠢᠲᠠᠨ᠂ ᠠᠵᠢᠯ ᠣᠯᠭᠤᠬᠤ ᠪᠠ | ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠲᠠᠢ ᠨᠢᠭᠡᠳᠦᠯ ᠥᠬᠡᠶ ᠪᠠᠶᠢᠪᠠᠯ᠂ ᠠᠳᠠᠯᠢ ᠲᠥᠷᠥ ᠶᠢᠨ | ᠪᠣᠳᠣᠯᠭ᠎ᠠ ᠶᠢ ᠥᠯᠥ ᠳᠠᠪᠬᠤᠷᠳᠠᠭᠤᠯᠬᠤ ᠵᠠᠷᠴᠢᠮ ᠶᠣᠰᠣᠭᠠᠷ ᠡᠳ᠋ᠯᠡᠨ᠎ᠡ︔ ᠲᠣᠰ ᠲᠥᠷᠥ ᠶᠢᠨ ᠪᠣᠳᠣᠯᠭ᠎ᠠ ᠶᠢ | ᠤᠯᠠᠭᠠᠨᠬᠠᠳᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | ᠬᠠᠷᠢᠭᠤᠴᠠᠨ ᠲᠠᠶᠢᠯᠪᠤᠷᠢᠯᠠᠨ᠎ᠠ︔ ᠲᠣᠰ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 | ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ ᠬᠡᠷᠡᠭᠵᠢᠭᠦᠯᠬᠦ ᠬᠤᠭᠤᠴᠠᠭ᠎ᠠ ᠶᠢ ᠲᠣᠳᠣᠷᠬᠠᠶ ᠲᠣᠭᠲᠠᠭᠠᠬᠤ ᠠᠴᠠ ᠭᠠᠳᠠᠨ᠎ᠠ᠂ | ᠲᠥᠷᠥ ᠶᠢᠨ ᠪᠣᠳᠣᠯᠭ᠎ᠠ ᠶᠢᠨ ᠬᠦᠴᠦᠨ ᠲᠠᠢ ᠬᠤᠭᠤᠴᠠᠭ᠎ᠠ ᠨᠢ 2025 ᠣᠨ ᠤ 12 ᠳ᠋ᠤᠭᠠᠷ ᠰᠠᠷ᠎ᠠ ᠶᠢᠨ 31 ᠤ | ᠡᠳᠦᠷ ᠪᠣᠯᠲᠠᠯ᠎ᠠ᠂ ᠲᠣᠰ ᠬᠤᠭᠤᠴᠠᠭᠠᠨ ᠳᠤ ᠬᠡᠷᠪᠡ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ | ᠪᠣᠳᠣᠯᠭ᠎ᠠ ᠶᠢᠨ ᠲᠣᠬᠢᠷᠠᠭᠤᠯᠤᠯᠲᠠ ᠲᠣᠬᠢᠶᠠᠯᠳᠤᠪᠠᠯ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠲᠥᠷᠥ ᠶᠢᠨ | ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ |