ᠰᠦᠩᠱᠠᠨ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠬᠠᠷᠢᠭᠤᠴᠠᠯᠭ᠎ᠠ ᠪᠠᠨ ᠴᠢᠩᠭᠠᠯᠠᠵᠤ ᠵᠣᠷᠢᠭᠲᠠᠢ ᠪᠠᠷ ᠠᠵᠢᠯᠯᠠᠨ᠎ᠠ
ᠨᠡᠶᠢᠲᠡᠯᠡᠭᠰᠡᠨ ᠴᠠᠭ᠄
2022/10/19
      ᠲᠣᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠰᠦᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠤᠲᠠ᠂ ᠲᠣᠭᠤᠷᠢᠭ ᠬᠤᠶᠠᠷ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠱᠠᠭᠠᠷᠳᠠᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠭᠦᠨᠵᠡᠭᠡᠶᠢᠷᠡᠨ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠢᠵᠢᠭ ᠢ ᠰᠡᠷᠭᠡᠶᠢᠯᠡᠬᠦ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠪᠠᠶᠢᠭᠤᠯᠤᠭᠰᠠᠨ ᠪᠠᠶᠢᠨ᠎ᠠ᠃ ᠣᠶᠢᠷ᠎ᠠ ᠶᠢᠨ ᠡᠳᠦᠷ ᠤᠳ ᠲᠤ ᠂ ᠰᠦᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠳ ᠬᠠᠷᠢᠶ᠎ᠠ ᠣᠷᠣᠨ ᠤ ᠪᠠᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠤᠳᠠᠯᠳᠤᠭᠠᠨ ᠤ ᠬᠡᠲᠦ ᠳᠡᠯᠭᠡᠭᠦᠷ᠂ ᠡᠮ ᠤᠨ ᠳᠡᠯᠭᠡᠭᠦᠷ᠂ ᠢᠳᠡᠭᠡᠨ ᠤᠮᠳᠠᠭᠠᠨ ᠤ ᠦᠢᠯᠡᠴᠢᠯᠡᠭᠡ ᠵᠡᠷᠭᠡ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠭᠦᠨᠵᠡᠭᠡᠶᠢᠷᠡᠵᠦ᠂ ᠪᠥᠬᠦ ᠲᠠᠯ᠎ᠠ ᠪᠠᠷ ᠲᠣᠭᠤᠷᠢᠨ ᠪᠠᠶᠢᠴᠠᠭᠠᠬᠤ᠂ ᠭᠤᠤᠯᠳᠠᠯᠭ᠎ᠠ ᠲᠠᠢ ᠬᠢᠨᠠᠨ ᠬᠠᠮᠢᠶᠠᠷᠬᠤ ᠵᠡᠷᠭᠡ ᠠᠷᠭ᠎ᠠ ᠮᠠᠶ᠋ᠢᠭ ᠢᠶᠠᠷ ᠡᠯ᠎ᠡ ᠵᠦᠢᠯ ᠤᠨ ᠬᠢᠨᠠᠯᠲᠠ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠪᠡ᠃       ᠢᠦᠶ ᠷᠦᠨ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠵᠢᠴᠢ ᠡᠯ᠎ᠡ ᠲᠣᠮᠣ ᠬᠡᠯᠪᠡᠷᠢ ᠶᠢᠨ ᠬᠠᠩᠭᠠᠯᠭ᠎ᠠ ᠶᠢ ᠪᠠᠲᠤᠯᠠᠬᠤ ᠬᠡᠲᠦ ᠳᠡᠯᠭᠡᠭᠦᠷ ᠲᠤ᠂ ᠬᠠᠤᠯᠢ ᠬᠡᠷᠡᠭᠵᠢᠭᠦᠯᠬᠦ ᠠᠵᠢᠯᠲᠠᠨ ᠢᠳᠡᠰᠢᠨ ᠨᠣᠭᠤᠭ᠎ᠠ᠂ ᠮᠢᠬ᠎ᠠ ᠥᠨᠳᠡᠭᠡ ᠰᠦ᠂ ᠠᠮᠤ ᠪᠤᠳᠠᠭ᠎ᠠ᠂ ᠲᠣᠰᠣ ᠵᠡᠷᠭᠡ ᠴᠢᠬᠤᠯᠠ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠦᠨ᠎ᠡ ᠬᠠᠩᠰᠢ᠂ ᠴᠢᠨᠠᠷ ᠢ ᠪᠠᠲᠤᠯᠠᠬᠤ ᠬᠤᠭᠤᠴᠠᠭ᠎ᠠ ᠵᠡᠷᠭᠡ ᠪᠠᠶᠢᠳᠠᠯ ᠳᠤ ᠭᠤᠤᠯᠳᠠᠯᠭ᠎ᠠ ᠲᠠᠢ ᠪᠠᠷ ᠪᠠᠶᠢᠴᠠᠭᠠᠯᠲᠠ ᠬᠢᠪᠠ᠃ ᠣᠳᠣᠬᠠᠨ ᠳᠤ᠂ ᠰᠦᠩᠱᠠᠨ ᠬᠤᠲᠠ ᠶᠢᠨ ᠲᠣᠭᠤᠷᠢᠭ ᠤᠨ 8 ᠲᠣᠮᠣ ᠬᠡᠯᠪᠡᠷᠢ ᠶᠢᠨ ᠬᠡᠲᠦ ᠳᠡᠯᠭᠡᠭᠦᠷ ᠵᠢᠴᠢ ᠢᠦᠶ ᠷᠦᠨ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ ᠢᠳᠡᠰᠢᠨ ᠨᠣᠭᠤᠭ᠎ᠠ ᠵᠢᠮᠢᠰ ᠤᠨ ᠲᠥᠷᠥᠯ ᠤᠨ ᠲᠠᠸᠠᠷ ᠤᠨ ᠬᠠᠩᠭᠠᠯᠭ᠎ᠠ ᠭᠦᠢᠴᠡᠳ ᠪᠠᠶᠢᠵᠤ᠂ ᠠᠷᠠᠯᠵᠢᠶᠠᠨ ᠤ ᠦᠨ᠎ᠡ ᠲᠣᠭᠲᠠᠭᠤᠨ ᠪᠠᠶᠢᠵᠤ᠂ ᠰᠦᠯᠵᠢᠶᠡᠨ ᠳᠡᠭᠡᠷᠡᠬᠢ ᠠᠷᠠᠯᠵᠢᠶ᠎ᠠ ᠣᠯᠠᠰᠢᠷᠠᠵᠤ ᠪᠠᠶᠢᠨ᠎ᠠ᠃       ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ᠂ ᠰᠠᠭᠤᠭᠠᠯᠢ ᠠᠷᠠᠳ ᠤᠨ ᠪᠠᠶᠢᠩᠭᠤ ᠬᠡᠷᠡᠭᠯᠡᠬᠦ ᠡᠮ ᠤᠨ ᠵᠦᠢᠯ ᠤᠨ ᠬᠡᠪ ᠤᠨ ᠬᠠᠩᠭᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠶᠢᠨ ᠲᠥᠯᠥᠭᠡ᠂ ᠰᠦᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠯ᠎ᠡ ᠡᠮ ᠤᠨ ᠳᠡᠯᠭᠡᠭᠦᠷ ᠤᠨ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠡᠰᠡᠷᠭᠦᠴᠡᠬᠦ᠂ ᠨᠢᠶᠠᠨ ᠳᠠᠷᠤᠭᠴᠢ ︽ᠳᠥᠷᠪᠡᠨ ᠲᠥᠷᠥᠯ︾ ᠤᠨ ᠡᠮ ᠤᠨ ᠵᠦᠢᠯ ᠢ ᠪᠣᠷᠣᠯᠠᠭᠤᠯᠬᠤ ᠶᠢ ᠲᠦᠷ ᠵᠣᠭᠰᠣᠭᠠᠬᠤ ᠬᠡᠷᠡᠭᠲᠡᠶ ᠭᠡᠵᠦ ᠱᠠᠭᠠᠷᠳᠠᠪᠠ᠃ ︽ᠳᠥᠷᠪᠡᠨ ᠲᠥᠷᠥᠯ︾ ᠤᠨ ᠡᠮ ᠤᠨ ᠵᠦᠢᠯ ᠢ ᠦᠨᠡᠨ ᠬᠦ ᠬᠤᠳᠠᠯᠳᠤᠨ ᠠᠪᠬᠤ ᠴᠢᠬᠤᠯᠠᠲᠠᠶ ᠡᠪᠡᠳᠴᠢᠲᠡᠨ ᠳᠤ᠂ ᠡᠮ ᠤᠨ ᠳᠡᠯᠭᠡᠭᠦᠷ ᠤᠨ ᠠᠵᠢᠯᠯᠠᠭᠴᠢᠳ ᠢ ᠬᠠᠯᠠᠭᠤᠷᠠᠯ ᠤᠨ ᠡᠭᠦᠳᠡᠨ ᠡᠮᠨᠡᠯᠭᠡ ᠳᠤ ᠬᠥᠲᠥᠯᠥᠨ ᠬᠦᠷᠭᠡᠵᠦ ᠡᠮᠨᠡᠭᠦᠯᠬᠦ ᠶᠢᠨ ᠬᠠᠮᠲᠤ ᠬᠠᠮᠢᠶ᠎ᠠ ᠪᠥᠬᠦᠶ ᠮᠡᠳᠡᠭᠡ ᠵᠠᠩᠭᠢ ᠶᠢᠨ ᠳᠡᠩᠰᠡᠯᠡᠯᠲᠡ ᠶᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃       ᠡᠭᠦᠨ ᠠᠴᠠ ᠭᠠᠳᠠᠨ᠎ᠠ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ 4 ᠵᠡᠭᠡᠯᠢ ᠭᠤᠳᠤᠮᠵᠢ ᠶᠢ ᠢᠯᠭᠠᠷᠠᠭᠤᠯᠤᠨ ᠴᠡᠭᠴᠡᠯᠡᠬᠦ ᠠᠵᠢᠯᠯᠠᠭᠠᠨ ᠤ ᠳᠤᠭᠤᠶᠢᠯᠠᠩ ᠢ ᠪᠠᠶᠢᠭᠤᠯᠵᠤ᠂ ᠡᠯ᠎ᠡ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠲᠥᠪ ᠬᠤᠲᠠ ᠶᠢᠨ ᠲᠣᠭᠤᠷᠢᠭ ᠤᠨ ᠡᠯ᠎ᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠨᠢ ᠬᠠᠷᠠᠭᠠᠯᠵᠠᠭᠰᠠᠨ ᠵᠡᠭᠡᠯᠢ ᠭᠤᠳᠤᠮᠵᠢ ᠶᠢᠨ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠲᠠᠢ ᠬᠤᠯᠪᠣᠭᠠᠯᠠᠵᠤ᠂ ᠡᠯ᠎ᠡ ᠨᠡᠶᠢᠭᠡᠮ ᠲᠣᠭᠤᠷᠢᠭ ᠤᠨ ᠡᠷᠬᠢᠨ ᠲᠣᠭᠤᠷᠢᠨ ᠵᠢᠴᠢ ᠳᠣᠲᠣᠭᠠᠳᠤ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠮᠲᠤᠷᠠᠨ ᠪᠠᠶᠢᠴᠠᠭᠠᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠶ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠠᠭᠠᠵᠤ ᠵᠣᠭᠰᠣᠭᠠᠬᠤ ᠶᠢᠨ ᠬᠠᠮᠲᠤ ᠰᠡᠷᠭᠡᠶᠢᠯᠡᠨ ᠡᠵᠡᠮᠳᠡᠬᠦ ᠠᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠪᠠ᠃       ᠣᠳᠣᠬᠠᠨ ᠪᠣᠯᠲᠠᠯ᠎ᠠ᠂ ᠰᠦᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠤᠯᠢ ᠬᠡᠷᠡᠭᠵᠢᠭᠦᠯᠬᠦ ᠬᠦᠴᠦᠨ ᠢ ᠨᠡᠶᠢᠲᠡ 1219 ᠬᠥᠮᠦᠨ ᠤᠳᠠᠭ᠎ᠠ ᠬᠥᠳᠡᠯᠭᠡᠵᠦ᠂ ᠢᠳᠡᠭᠡᠨ ᠤ ᠭᠦᠢᠯᠭᠡᠭᠡᠨ ᠤ ᠬᠦᠷᠢᠶᠡᠨ ᠳᠠᠬᠢ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ 1688 ᠤᠳᠠᠭ᠎ᠠ᠂ ᠢᠳᠡᠭᠡᠨ ᠤᠮᠳᠠᠭᠠᠨ ᠤ  ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠤᠯ ᠴᠣᠭᠴᠠ 439 ᠤᠳᠠᠭ᠎ᠠ᠂ ᠢᠳᠡᠭᠡᠨ ᠤ ᠦᠢᠯᠡᠳᠪᠦᠷᠢᠯᠡᠯ ᠤᠨ ᠬᠦᠷᠢᠶᠡᠨ ᠳᠠᠬᠢ ᠵᠠᠬ᠎ᠠ ᠳᠡᠯᠭᠡᠭᠦᠷ ᠤᠨ ᠭᠤᠤᠯ ᠴᠣᠭᠴᠠ 14 ᠤᠳᠠᠭ᠎ᠠ᠂ ᠡᠮ ᠤᠨ ᠵᠦᠢᠯ ᠤᠨ ᠬᠦᠷᠢᠶᠡᠨ ᠳᠠᠬᠢ ᠵᠠᠬ᠎ᠠ ᠳᠡᠯᠭᠡᠭᠦᠷ ᠤᠨ ᠭᠤᠤᠯ ᠴᠣᠭᠴᠠ 165 ᠤᠳᠠᠭ᠎ᠠ ᠬᠢᠨᠠᠨ ᠪᠠᠶᠢᠴᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠲᠡᠶᠢᠨ ᠤ ᠢᠯᠠᠯᠲᠠ ᠶᠢ ᠤᠯᠬᠤ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠴᠦᠨ ᠢᠶᠠᠨ ᠡᠷᠭᠦᠵᠡᠶ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号