︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠶᠠᠳᠠᠭᠤ ᠶᠢ ᠲᠡᠳᠬᠦᠬᠦ ᠠᠯᠪᠠᠨ ᠬᠡᠷ ᠤᠨ ᠡᠩ ᠤᠨ | ᠳᠡᠭᠡᠳᠦ ᠰᠤᠷᠭᠠᠭᠤᠯᠢ ᠶᠢᠨ ᠬᠡᠷ ᠤᠨ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠤᠨ ᠰᠤᠷᠭᠠᠭᠤᠯᠢ ᠳᠤ | ᠣᠷᠣᠬᠤ ᠶᠢ ᠲᠤᠰᠠᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠶ ᠰᠠᠨᠠᠯ︾ ︵ᠥᠪᠥᠷ ᠰᠤᠷᠭᠠᠨ ᠬᠥᠮᠦᠵᠢᠯ | ᠠᠯᠪᠠᠨ ᠥᠰᠥᠭ︹ 2021︺56 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠪᠢ | ᠬᠥᠮᠦᠨ ᠤ ᠭᠤᠶᠤᠴᠢᠯᠠᠯ ᠢᠶᠠᠷ ᠳᠡᠮᠵᠢᠨ᠂ ᠰᠦᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ | ᠰᠦᠩᠱᠠᠨ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠰᠦᠩᠱᠠᠨ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠬᠠᠮᠲᠤᠷᠠᠨ ᠳᠡᠩᠰᠡᠯᠡᠵᠦ ᠬᠢᠨᠠᠭᠠᠳ᠂ ᠡᠳᠦᠭᠡ 2022 | ᠣᠨ ᠤ ᠡᠩ ᠤᠨ ᠳᠡᠭᠡᠳᠦ ᠰᠤᠷᠭᠠᠭᠤᠯᠢ ᠶᠢᠨ ᠬᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠤᠨ | ᠰᠤᠷᠭᠠᠭᠤᠯᠢ ᠳᠤ ᠣᠷᠣᠬᠤ ᠳᠤ ᠲᠤᠰᠠᠯᠠᠮᠵᠢ ᠭᠥᠷᠳᠡᠬᠦ ᠨᠡᠷᠡᠰ ᠢ ᠵᠠᠷᠯᠠᠨ ᠨᠡᠶᠢᠲᠡᠯᠡᠶ᠎ᠡ᠂ ᠵᠠᠷᠯᠠᠨ ᠨᠡᠶᠢᠲᠡᠯᠡᠬᠦ | ᠬᠤᠭᠤᠴᠠᠭ᠎ᠠ ᠨᠢ 7 ᠡᠳᠦᠷ ︵2022 ᠣᠨ ᠤ 10 ᠰᠠᠷ᠎ᠠ ᠶᠢᠨ 15 ᠤ ᠡᠳᠦᠷ ᠠᠴᠠ 2022 ᠣᠨ ᠤ 10 | ᠰᠠᠷ᠎ᠠ ᠶᠢᠨ 21 ᠤ ᠡᠳᠦᠷ︶ ᠪᠣᠯᠤᠨ᠎ᠠ᠂ ᠥᠷᠭᠡᠨ ᠣᠯᠠᠨ ᠺᠠᠳ᠋ᠷ᠂ ᠣᠯᠠᠨ ᠲᠦᠮᠡᠨ ᠵᠡᠷᠭᠡ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠬᠢᠨᠠᠯᠲᠠ ᠲᠠᠯᠪᠢᠬᠤ ᠶᠢ ᠬᠦᠰᠡᠵᠦ ᠪᠠᠶᠢᠨ᠎ᠠ᠃ ᠵᠠᠷᠯᠠᠨ ᠨᠡᠶᠢᠲᠡᠯᠡᠬᠦ ᠬᠤᠭᠤᠴᠠᠭᠠᠨ ᠳᠤ ᠬᠡᠷᠪᠡ | ᠣᠨᠳᠣᠤ ᠰᠠᠨᠠᠯ ᠲᠠᠢ ᠪᠠᠶᠢᠪᠠᠯ᠂ ᠰᠦᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠰᠦᠩᠱᠠᠨ | ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠰᠦᠩᠱᠠᠨ ᠲᠣᠭᠤᠷᠢᠭ ᠤᠨ | ᠰᠤᠷᠭᠠᠨ ᠬᠥᠮᠦᠵᠢᠯ ᠤᠨ ᠲᠣᠪᠴᠢᠶ᠎ᠠ ᠳᠤ ᠬᠠᠷᠢᠭᠤ ᠲᠤᠰᠬᠠᠵᠤ ᠪᠤᠯᠤᠨ᠎ᠠ᠂ ᠬᠤᠭᠤᠴᠠᠭ᠎ᠠ ᠥᠩᠭᠡᠷᠡᠪᠡᠯ ᠭᠥᠯᠢᠶᠡᠨ | ᠠᠪᠴᠤ ᠰᠢᠢᠳᠪᠦᠷᠢᠯᠡᠬᠦ ᠥᠬᠡᠶ᠃ | ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠬᠠᠶ᠋ᠢᠭ᠄ ᠰᠦᠩᠱᠠᠨ ᠲᠣᠭᠤᠷᠢᠭ ᠤᠨ ᠨᠠᠮ ᠵᠠᠰᠠᠭ ᠤᠨ | ᠶᠡᠷᠦᠩᠬᠡᠶᠢᠯᠡᠭᠰᠡᠨ ᠠᠰᠠᠷ ᠤᠨ 216 ᠥᠷᠥᠭᠡ᠂ 424 ᠥᠷᠥᠭᠡ᠂ ᠰᠦᠩᠱᠠᠨ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ ᠶᠢᠨ ᠠᠯᠪᠠᠨ ᠠᠰᠠᠷ ᠤᠨ 224 ᠥᠷᠥᠭᠡ | ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 8᠄ 30 | — 12᠄ 00︔ ᠦᠳᠡ ᠶᠢᠨ ᠬᠤᠶᠢᠨᠠᠬᠢ 2᠄ 30 — 5᠄ 30 | ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ ᠰᠦᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ | ᠲᠣᠪᠴᠢᠶ᠎ᠠ᠄ 0476 — 8468535᠂ ᠰᠦᠩᠱᠠᠨ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ᠄ 0476 — 8466964᠂ ᠰᠦᠩᠱᠠᠨ ᠲᠣᠭᠤᠷᠢᠭ ᠤᠨ ᠰᠤᠷᠭᠠᠨ ᠬᠥᠮᠦᠵᠢᠯ ᠤᠨ | ᠲᠣᠪᠴᠢᠶ᠎ᠠ᠄ 0476-5867709᠃ | ᠳᠠᠭᠠᠯᠳᠤᠭᠤᠯᠤᠯ᠄ 2022 ᠣᠨ ᠤ ᠡᠩ ᠤᠨ ᠳᠡᠭᠡᠳᠦ ᠰᠤᠷᠭᠠᠭᠤᠯᠢ ᠶᠢᠨ ᠬᠡᠷ ᠪᠦᠯᠢ ᠶᠢᠨ ᠠᠮᠢᠳᠤᠷᠠᠯ ᠨᠢ | ᠬᠦᠴᠢᠷᠳᠡᠯᠲᠡᠶ ᠰᠤᠷᠤᠭᠴᠢᠳ ᠤᠨ ᠰᠤᠷᠭᠠᠭᠤᠯᠢ ᠳᠤ ᠣᠷᠣᠬᠤ ᠳᠤ ᠲᠤᠰᠠᠯᠠᠮᠵᠢ ᠭᠥᠷᠳᠡᠬᠦ ᠪᠠᠷ ᠪᠠᠶᠢᠭ᠎ᠠ ᠨᠡᠷᠡᠰ ︵ | ᠨᠠᠷᠢᠯᠢᠭ ᠪᠠᠶᠢᠳᠠᠯ ᠢ ᠰᠦᠩᠱᠠᠨ ᠲᠤᠭᠤᠷᠢᠭ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ︶ | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ | 2022 ᠣᠨ ᠤ 10 ᠰᠠᠷ᠎ᠠ ᠶᠢᠨ 15 ᠤ ᠡᠳᠦᠷ |