10 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠡᠬᠢᠯᠡᠯᠲᠡ ᠶᠢᠨ ᠶᠤᠰᠤᠯᠠᠯ ᠦᠪᠡᠳᠡᠭᠰᠢ ᠶᠡᠭᠡ ᠪᠠᠷ ᠡᠬᠢᠯᠡᠪᠡ᠃ ᠰᠦᠩᠱᠠᠨ ᠲᠣᠭᠤᠷᠢᠭ ᠤᠨ | ᠨᠠᠮ ᠤᠨ ᠬᠤᠷᠢᠶᠠᠨ ᠤ ᠱᠦᠵᠢ ᠵᠢᠶᠠᠩ ᠼᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ᠂ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠱᠦᠨ᠂ ᠲᠣᠭᠤᠷᠢᠭ ᠤᠨ | ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠴᠢᠨ ᠢᠦᠢ ᠬᠤᠤ ᠵᠡᠷᠭᠡ ᠲᠣᠭᠤᠷᠢᠭ ᠤᠨ ᠲᠦᠷᠪᠡᠨ ᠶᠡᠭᠡ | ᠤᠳᠤᠷᠢᠳᠬᠤ ᠪᠠᠭ ᠤᠨ ᠤᠳᠤᠷᠢᠳᠤᠯᠭ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠡᠬᠢᠯᠡᠯᠲᠡ ᠶᠢᠨ ᠬᠤᠷᠠᠯ ᠢ | ᠲᠥᠪᠯᠡᠷᠡᠭᠦᠯᠦᠨ ᠦᠵᠡᠵᠦ᠂ ᠰᠢ ᠶᠢᠨ ᠫᠢᠩ ᠨᠥᠬᠦᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠬᠢᠭᠰᠡᠨ ᠢᠯᠡᠳᠬᠡᠯ ᠢ ᠨᠠᠷᠢᠨ ᠬᠢᠨᠠᠮᠠᠭᠠᠢ ᠰᠣᠨᠣᠰᠴᠠᠢ᠃ |  ᠬᠦᠯᠢᠶᠡᠨ ᠠᠪᠴᠤ ᠦᠵᠡᠬᠦ ᠶᠠᠪᠤᠴᠠ ᠳᠤ᠂ ᠤᠯᠠᠨ ᠢᠶᠠᠷ ᠢᠶᠠᠨ ᠰᠡᠳᠬᠢᠯ ᠰᠠᠨᠠᠭ᠎ᠠ ᠪᠠᠨ ᠲᠥᠪᠯᠡᠷᠡᠭᠦᠯᠵᠦ᠂ | ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠲᠡᠮᠳᠡᠭᠯᠡᠪᠡ᠃ ᠤᠯᠠᠨ ᠢᠶᠠᠷ ᠢᠶᠠᠨ᠂ ᠨᠠᠮ ᠤᠨ ᠬᠤᠷᠢᠳᠤᠭᠠᠷ ᠶᠡᠭᠡ | ᠬᠤᠷᠠᠯ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠦᠶ᠎ᠡ ᠳᠤ | ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠣᠯᠤᠨ᠎ᠠ ᠭᠡᠵᠦ ᠰᠠᠨᠠᠯ ᠨᠢᠭᠡᠲᠡᠢ | ᠢᠯᠡᠳᠬᠡᠪᠡ᠃ ᠣᠳᠣᠬᠠᠨ ᠳᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠬᠤ᠂ ᠰᠠᠶᠢᠲᠤᠷ ᠣᠶᠢᠯᠠᠭᠠᠬᠤ᠂ ᠰᠠᠶᠢᠲᠤᠷ ᠲᠤᠤᠱᠯᠠᠭᠤᠯᠬᠤ᠂ | ᠰᠠᠶᠢᠲᠤᠷ ᠨᠠᠶᠢᠳᠠᠪᠤᠷᠢᠵᠢᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠᠷ ᠬᠥᠳᠡᠯᠭᠡᠬᠦ ᠬᠦᠴᠦᠨ | ᠪᠣᠯᠭᠠᠵᠤ᠂ ᠪᠠᠶᠠᠨ ᠬᠦᠴᠦᠷᠬᠡᠭ᠂ ᠪᠣᠯᠪᠠᠰᠤᠨ᠂ ᠡᠶ᠎ᠡ ᠵᠣᠬᠢᠴᠠᠩᠭᠤᠢ᠂ ᠦᠵᠡᠰᠬᠦᠯᠡᠩᠲᠦ ᠰᠠᠶᠢᠬᠠᠨ ᠰᠢᠨ᠎ᠡ | ᠰᠦᠩᠱᠠᠨ ᠢ ᠲᠦᠷᠭᠡᠨ ᠪᠠᠶᠢᠭᠤᠯᠵᠤ᠂ ᠰᠦᠩᠱᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠱᠠᠭᠠᠷᠳᠠᠪᠠ᠃ |