ᠵᠢᠶᠠ ᡁᠢ ᠬᠤᠩ ᠪᠠᠶᠢᠴᠠᠭᠠᠬᠤ ᠳᠤᠭᠤᠶᠢᠯᠠᠩ ᠳᠠᠭᠠᠭᠤᠯᠤᠨ ᠨᠡᠭᠦᠷᠡᠰᠦᠨ ᠠᠭᠤᠷᠬᠠᠢ ᠶᠢᠨ ᠪᠤᠰᠤ ᠠᠭᠤᠷᠬᠠᠢ ᠳᠤ ᠬᠦᠷᠴᠦ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2022/10/19
      10 ᠰᠠᠷ᠎ᠠ ᠶᠢᠨ 15 ᠤ ᠡᠳᠦᠷ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠠ ᡁᠢ ᠬᠤᠩ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠳᠤᠮᠳᠠᠳᠤ ᠤᠯᠤᠰ ᠤᠨ ᠪᠤᠯᠤᠳ ᠲᠡᠮᠤᠷ ᠤᠨ ᠪᠦᠯᠦᠭᠯᠡᠯ ᠤᠨ ᠤᠯᠠᠭᠠᠨᠬᠠᠳᠠ ᠶᠢᠨ ᠶᠢᠨ ᠰᠢᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ ᠠᠶᠤᠯᠭᠦᠢ ᠦᠢᠯᠡᠳᠪᠦᠷᠢᠯᠡᠯ ᠢ ᠪᠠᠶᠢᠴᠠᠭᠠᠵᠤ ᠬᠢᠨᠠᠨ ᠵᠢᠯᠣᠭᠤᠳᠪᠠ᠃      ᠪᠠᠶᠢᠴᠠᠭᠠᠬᠤ ᠳᠤᠭᠤᠶᠢᠯᠠᠩ ᠤᠨ ᠬᠢᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠤ ᠠᠶᠤᠯᠭᠦᠢ ᠦᠢᠯᠡᠳᠪᠦᠷᠢᠯᠡᠯ ᠤᠨ ᠠᠵᠢᠯ᠂ ᠡᠵᠡᠩᠨᠡᠯᠲᠡ ᠶᠢᠨ ᠣᠳᠣᠬᠢ ᠪᠠᠶᠢᠳᠠᠯ᠂ ᠦᠢᠯᠡᠳᠪᠦᠷᠢᠯᠡᠯ ᠤᠨ ᠭᠠᠷ ᠤᠷᠠᠯᠠᠯ ᠤᠨ ᠶᠠᠪᠤᠴᠠ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠵᠢᠴᠢ ᠣᠨᠴᠠ ᠲᠦᠷᠦᠯ ᠤᠨ ᠠᠵᠢᠯ ᠬᠢᠬᠦ ᠬᠥᠮᠦᠰ ᠤᠨ ᠬᠠᠮᠢᠶᠠᠷᠤᠯᠲᠠ᠂ ᠲᠠᠯᠳᠠ ᠭᠡᠮ ᠢ ᠪᠠᠶᠢᠴᠠᠭᠠᠨ ᠵᠠᠰᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠠᠭᠤᠷᠬᠠᠢ ᠶᠢᠨ ᠠᠵᠢᠯ ᠤᠨ ᠲᠤᠬᠠᠢ ᠶᠢᠨ ᠲᠠᠯᠠᠪᠠᠢ ᠳᠤ ᠪᠠᠶᠢᠴᠠᠭᠠᠯᠲᠠ ᠬᠢᠵᠡᠢ᠃      ᠵᠢᠶᠠ ᡁᠢ ᠬᠤᠩ ᠱᠠᠭᠠᠷᠳᠠᠭᠰᠠᠨ ᠨᠢ᠂ ᠠᠵᠤ ᠠᠬᠤᠶᠢᠯᠠᠯ ᠤᠳ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠤᠨ᠂ ᠦᠯᠡᠳᠡᠭᠳᠡᠯ ᠠᠭᠤᠷᠬᠠᠢ ᠶᠢᠨ ᠬᠥᠮᠥᠷᠭᠡ ᠶᠢᠨ ᠪᠠᠷᠢᠮᠵᠢᠶ᠎ᠠ ᠳᠤ ᠬᠦᠷᠭᠡᠬᠦ ᠠᠵᠢᠯ ᠢ ᠳᠥᠯᠭᠢᠨ ᠠᠬᠢᠭᠤᠯᠬᠤ ᠬᠡᠷᠡᠭᠲᠡᠶ︔ ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠬᠥᠮᠥᠷᠭᠡ ᠳᠤ ᠣᠷᠣᠭᠤᠯᠵᠤ ᠨᠢᠭᠡᠳᠦᠯᠲᠡᠶ ᠬᠠᠮᠢᠶᠠᠷᠬᠤ ᠳᠤ ᠣᠷᠣᠭᠤᠯᠬᠤ᠂ ᠡᠨᠧᠷᠭᠢ ᠶᠢᠨ ᠬᠤᠷᠣᠭᠳᠠᠭᠤᠯᠭ᠎ᠠ ᠵᠢᠴᠢ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠶᠠᠪᠤᠳᠠᠯ ᠢ ᠠᠵᠢᠯ ᠤᠨ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠶ᠃      ᠵᠢᠶᠠ ᡁᠢ ᠬᠤᠩ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠲᠠᠶᠢᠱᠠᠨ ᠠᠭᠤᠯᠠ ᠠᠴᠠ ᠬᠦᠨᠳᠦ᠂ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠦᠪᠰᠢᠨ ᠪᠣᠯᠤᠨ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠃ ᠠᠵᠤ ᠠᠬᠤᠶᠢᠯᠠᠯ ᠤᠳ ᠭᠤᠤᠯᠳᠠᠯᠭ᠎ᠠ ᠲᠠᠢ ᠣᠷᠣᠨ ᠪᠠᠶᠢᠷᠢ᠂ ᠭᠤᠤᠯᠳᠠᠯᠭ᠎ᠠ ᠲᠠᠢ ᠭᠤᠭᠴᠤᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠤᠨ ᠲᠤᠬᠠᠶ ᠶᠢᠨ ᠲᠠᠯᠠᠪᠤᠷ ᠲᠤ ᠳᠡᠯᠪᠡᠴᠢᠬᠦ ᠠᠵᠢᠯ ᠤᠨ ᠬᠠᠮᠢᠶᠠᠷᠤᠯᠲᠠ ᠶᠢ ᠴᠢᠩᠳᠠᠯᠠᠵᠤ᠂ ᠭᠠᠯ ᠵᠡᠪᠰᠡᠭ ᠤᠨ ᠪᠦᠲᠦᠭᠡᠭᠳᠡᠬᠦᠨ ᠢ ᠴᠢᠩᠭ᠎ᠠ ᠬᠠᠮᠢᠶᠠᠷᠤᠨ ᠡᠵᠡᠮᠳᠡᠵᠦ᠂ ᠬᠤᠰᠤᠵᠤ ᠤᠭᠰᠠᠷᠠᠬᠤ᠂ ᠲᠡᠭᠡᠭᠡᠪᠦᠷᠢᠯᠡᠬᠦ ᠠᠵᠢᠯ ᠤᠨ ᠬᠠᠮᠢᠶᠠᠷᠤᠯᠲᠠ ᠶᠢ ᠴᠢᠩᠳᠠᠯᠠᠬᠤ ᠬᠡᠷᠡᠭᠲᠡᠶ︔ ᠦᠯᠡᠳᠡᠭᠳᠡᠯ ᠠᠭᠤᠷᠬᠠᠢ ᠶᠢᠨ ᠬᠥᠮᠥᠷᠭᠡ ᠳᠤ᠂ ᠲᠤᠬᠠᠶ ᠶᠢᠨ ᠲᠠᠯᠠᠪᠤᠷ ᠤᠨ ᠠᠵᠢᠯ ᠤᠨ ᠬᠠᠮᠢᠶᠠᠷᠤᠯᠲᠠ᠂ ᠠᠵᠢᠯᠲᠠᠨ ᠤ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠮᠡᠷᠭᠡᠵᠢᠯ ᠤᠨ ᠪᠣᠯᠵᠣᠯᠲᠤ ᠲᠤᠭ᠎ᠠ ᠶᠢ ᠴᠢᠩᠭ᠎ᠠ ᠵᠢᠷᠤᠮᠯᠠᠨ ᠠᠵᠢᠯᠯᠠᠭᠤᠯᠵᠤ᠂ ᠬᠠᠮᠢᠶᠠᠷᠤᠨ ᠡᠵᠡᠮᠳᠡᠵᠦ᠂ ᠦᠯᠡᠳᠡᠭᠳᠡᠯ ᠠᠭᠤᠷᠬᠠᠢ ᠶᠢᠨ ᠬᠥᠮᠥᠷᠭᠡ ᠶᠢᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号