ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠡᠰᠡᠭ ᠣᠷᠣᠨ ᠪᠦᠰᠡ ᠶᠢᠨ ᠠᠶᠤᠯ ᠲᠦᠭᠰᠢᠭᠦᠷᠢ ᠶᠢᠨ ᠳᠡᠰ ᠢ ᠵᠠᠭᠠᠭᠯᠠᠨ ᠲᠣᠭᠲᠠᠭᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2022/11/12
      ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠦᠨᠳᠦᠰᠦᠯᠡᠨ᠂ ᠰᠢᠨᠵᠢᠯᠡᠬᠦ ᠤᠬᠠᠭᠠᠨᠴᠢ᠂ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪ︶︾ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠰᠤᠳᠤᠯᠤᠨ ᠮᠠᠭᠠᠳᠯᠠᠭᠰᠠᠨ ᠢᠶᠠᠷ᠂ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠳᠣᠤᠷᠠᠬᠢ ᠣᠷᠣᠨ ᠪᠦᠰᠡ ᠶᠢ ᠳᠤᠮᠳᠠ᠂ ᠦᠨᠳᠦᠷ ᠲᠦᠭᠰᠢᠭᠦᠷᠢᠲᠦ ᠣᠷᠣᠨ ᠪᠣᠯᠭᠠᠨ ᠵᠠᠭᠠᠭᠯᠠᠨ ᠲᠣᠭᠲᠠᠭᠠᠬᠤ ᠪᠠᠷ ᠲᠣᠭᠲᠠᠪᠠ᠄      ᠨᠢᠭᠡ᠂ ᠦᠨᠳᠦᠷ ᠲᠦᠭᠰᠢᠭᠦᠷᠢᠲᠦ ᠣᠷᠣᠨ ︵2︶      1. ᠢᠦᠶ ᠯᠦᠩ ᠵᠡᠭᠡᠯᠢ ᠭᠤᠳᠤᠮᠵᠢ ᠶᠢᠨ ᠴᠧᠩ ᠯᠦᠩ ᠨᠡᠶᠢᠭᠡᠮ ᠲᠣᠭᠤᠷᠢᠭ ᠤᠨ ᠴᠧᠩ ᠯᠦᠩ ᠵᠢᠶᠠ ᠶᠤᠸᠠᠨ ᠪᠠᠭ᠎ᠠ ᠲᠣᠭᠤᠷᠢᠭ ᠤᠨ 28 ᠳ᠋ᠤᠭᠠᠷ ᠨᠣᠮᠧᠷᠲᠤ ᠠᠰᠠᠷ︔      2. ᠵᠧᠨ ᠰᠢᠩ ᠵᠡᠭᠡᠯᠢ ᠭᠤᠳᠤᠮᠵᠢ ᠶᠢᠨ ᠰᠢᠶᠤᠤ ᠴᠢᠶᠣᠤ ᠨᠡᠶᠢᠭᠡᠮ ᠲᠣᠭᠤᠷᠢᠭ ᠤᠨ ᠭᠤᠷᠪᠠᠨ ᠬᠡᠪᠯᠡᠯ ᠤᠨ ᠬᠡᠷ ᠪᠦᠯᠢ ᠶᠢᠨ ᠠᠰᠠᠷ᠃      ᠬᠤᠶᠠᠷ᠂ ᠳᠤᠮᠳᠠ ᠲᠦᠭᠰᠢᠭᠦᠷᠢᠲᠦ ᠣᠷᠣᠨ ︵3︶      1. ᠢᠦᠶ ᠯᠦᠩ ᠵᠡᠭᠡᠯᠢ ᠭᠤᠳᠤᠮᠵᠢ ᠶᠢᠨ ᠴᠧᠩ ᠯᠦᠩ ᠨᠡᠶᠢᠭᠡᠮ ᠲᠣᠭᠤᠷᠢᠭ ᠤᠨ ᠴᠧᠩ ᠯᠦᠩ ᠵᠢᠶᠠ ᠶᠤᠸᠠᠨ ᠪᠠᠭ᠎ᠠ ᠲᠣᠭᠤᠷᠢᠭ ︵28 ᠳ᠋ᠤᠭᠠᠷ ᠠᠰᠠᠷ ᠠᠴᠠ ᠭᠠᠳᠠᠨ᠎ᠠ᠂ ᠵᠡᠭᠡᠯᠢ ᠳᠠᠭᠠᠭᠰᠠᠨ ᠬᠤᠳᠠᠯᠳᠤᠭᠠᠨ ᠤ ᠲᠢᠩᠬᠢᠮ ᠪᠠᠭᠲᠠᠨ᠎ᠠ︶︔      2. ᠰᠢᠶᠠᠩ ᠶᠠᠩ ᠵᠡᠭᠡᠯᠢ ᠭᠤᠳᠤᠮᠵᠢ ᠶᠢᠨ ᠯᠦᠩ ᠲᠢᠩ ᠵᠢᠶᠠ ᠶᠤᠸᠠᠨ ᠨᠡᠶᠢᠭᠡᠮ ᠲᠣᠭᠤᠷᠢᠭ ᠤᠨ ᠰᠥᠩ ᠪᠸᠢ ᠵᠢᠶᠠ ᠶᠤᠸᠠᠨ ᠪᠠᠭ᠎ᠠ ᠲᠣᠭᠤᠷᠢᠭ ᠤᠨ 3 ᠳ᠋ᠤᠭᠠᠷ ᠨᠣᠮᠧᠷᠲᠤ ᠠᠰᠠᠷ︔      3. ᠯᠢᠨ ᠬᠤᠸᠠᠩ ᠶᠡᠭᠡ ᠵᠡᠭᠡᠯᠢ ᠠᠴᠠ ᠡᠮᠦᠨ᠎ᠡ᠂ ᠵᠠᠬ᠎ᠠ ᠳᠡᠯᠭᠡᠭᠦᠷ ᠤᠨ ᠭᠤᠳᠤᠮᠵᠢ ᠠᠴᠠ ᠵᠡᠭᠦᠨ᠂ ᠰᠢᠶᠣᠣ ᠴᠢᠶᠣᠤ ᠭᠤᠳᠤᠮᠵᠢ ᠠᠴᠠ ᠬᠤᠶᠢᠰᠢ᠂ ᠲᠥᠯᠥᠪᠯᠡᠭᠡᠲᠦ ᠦᠷᠡᠵᠢᠯ ᠤᠨ ᠭᠤᠳᠤᠮᠵᠢ ᠠᠴᠠ ᠪᠠᠷᠠᠭᠤᠨᠰᠢ ᠲᠥᠷᠪᠡᠨ ᠲᠠᠯ᠎ᠠ ᠶᠢᠨ ᠳᠣᠲᠣᠷᠠᠬᠢ ᠣᠷᠣᠨ ᠪᠦᠰᠡ ︵ᠵᠡᠭᠡᠯᠢ ᠳᠠᠭᠠᠭᠰᠠᠨ ᠬᠤᠳᠠᠯᠳᠤᠭᠠᠨ ᠤ ᠲᠢᠩᠬᠢᠮ ᠪᠠᠭᠲᠠᠨ᠎ᠠ︶᠃      ᠥᠷᠭᠡᠨ ᠤᠯᠠᠨ ᠰᠠᠭᠤᠭᠠᠯᠢ ᠠᠷᠠᠳ ᠠᠯᠪᠠᠨ ᠤ ᠲᠠᠯ᠎ᠠ ᠶᠢᠨ ᠨᠡᠶᠢᠲᠡᠯᠡᠭᠰᠡᠨ ᠡᠷᠬᠡ ᠰᠦᠷᠲᠦ ᠮᠡᠳᠡᠭᠡ ᠵᠠᠩᠭᠢ ᠶᠢ ᠨᠢᠭᠲᠠ ᠠᠩᠬᠠᠷᠴᠤ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ ᠪᠠᠶᠢᠬᠤ ᠶᠢ ᠬᠦᠰᠡᠵᠦ ᠪᠠᠶᠢᠨ᠎ᠠ᠃ ᠥᠪᠡᠷ ᠢ ᠪᠠᠨ ︽ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ︾ ᠭᠡᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠪᠥᠭᠡᠮᠨᠡᠷᠡᠬᠦ ᠥᠬᠡᠶ ᠪᠠᠶᠢᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ ᠬᠡᠷᠡᠭᠲᠡᠶ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ                     2022 ᠣᠨ ᠤ 11 ᠰᠠᠷ᠎ᠠ ᠶᠢᠨ 11 ᠤ ᠡᠳᠦᠷ
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号