ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠦᠨᠳᠦᠰᠦᠯᠡᠨ᠂ ᠰᠢᠨᠵᠢᠯᠡᠬᠦ | ᠤᠬᠠᠭᠠᠨᠴᠢ᠂ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢᠨ ᠲᠥᠯᠥᠭᠡ᠂ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ | ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪ︶︾ ᠪᠠ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ | ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠰᠠᠶᠢᠲᠤᠷ ᠬᠢᠬᠦ ᠲᠤᠬᠠᠶ ᠮᠡᠳᠡᠭᠳᠡᠯ︾ | ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠰᠤᠳᠤᠯᠤᠨ | ᠮᠠᠭᠠᠳᠯᠠᠭᠰᠠᠨ ᠢᠶᠠᠷ᠂ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠳᠣᠤᠷᠠᠬᠢ ᠣᠷᠣᠨ ᠪᠦᠰᠡ ᠶᠢ ᠦᠨᠳᠦᠷ | ᠲᠦᠭᠰᠢᠭᠦᠷᠢᠲᠦ ᠣᠷᠣᠨ ᠪᠣᠯᠭᠠᠨ ᠵᠠᠭᠠᠭᠯᠠᠨ ᠲᠣᠭᠲᠠᠭᠠᠬᠤ ᠪᠠᠷ ᠲᠣᠭᠲᠠᠪᠠ᠄ | 1.ᠵᠧᠨ ᠰᠢᠩ ᠵᠡᠭᠡᠯᠢ ᠭᠤᠳᠤᠮᠵᠢ ᠶᠢᠨ ᠶᠤᠸᠠᠨ ᠰᠢᠶᠤᠤ ᠨᠡᠶᠢᠭᠡᠮ ᠲᠣᠭᠤᠷᠢᠭ ᠤᠨ ᠵᠧᠨ ᠰᠢᠩ ᠪᠠᠭ᠎ᠠ | ᠲᠣᠭᠤᠷᠢᠭ ᠤᠨ ᠳᠥᠷᠪᠡᠳᠦᠭᠡᠷ ᠳᠤᠭᠤᠶᠢᠯᠠᠩ ᠤᠨ 2 ᠳ᠋ᠤᠭᠠᠷ ᠨᠣᠮᠧᠷᠲᠤ ᠠᠰᠠᠷ︔ | 2. ᠰᠢᠶᠠᠩ ᠶᠠᠩ ᠵᠡᠭᠡᠯᠢ ᠭᠤᠳᠤᠮᠵᠢ ᠶᠢᠨ ᠹᠸᠢ ᠼᠦᠢ ᠨᠡᠶᠢᠭᠡᠮ ᠲᠣᠭᠤᠷᠢᠭ ᠤᠨ ᠹᠸᠢ ᠼᠦᠢ ᠮᠢᠩ ᠵᠦ | ᠵᠢᠵᠢᠭ ᠲᠣᠭᠤᠷᠢᠭ ᠤᠨ 1 ᠳ᠋ᠦ᠋ᠭᠡᠷ ᠨᠣᠮᠧᠷᠲᠤ ᠠᠰᠠᠷ︔ | 3. ᠤᠯᠠᠭᠠᠨᠬᠠᠳᠠ ᠶᠢᠨ ᠬᠤᠳᠠᠯᠳᠤᠭ᠎ᠠ ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ ᠬᠤᠲᠠ ᠶᠢᠨ ᠾᠧ | ᠱᠦᠸᠧ ᠵᠢᠶᠠ ᠶᠤᠸᠠᠨ ᠲᠣᠭᠤᠷᠢᠭ ᠤᠨ 7 ᠳ᠋ᠤᠭᠠᠷ ᠨᠣᠮᠧᠷᠲᠤ ᠠᠰᠠᠷ︔ | 4. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠶᠢᠨ ᠭᠢᠨᠳᠠᠨ ᠢ ᠨᠡᠭᠦᠯᠭᠡᠨ | ᠪᠠᠶᠢᠭᠤᠯᠬᠤ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ︔ | 5. ᠤᠤᠯ ᠤᠨ ᠰᠦᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠭᠤᠳᠤᠮᠵᠢ ᠶᠢᠨ ᠪᠠᠷᠠᠭᠤᠨ᠂ ᠲᠤᠸᠠᠨ ᠵᠢᠶᠧ ᠭᠤᠳᠤᠮᠵᠢ ᠶᠢᠨ ᠵᠡᠭᠦᠨ ᠯᠢᠨ | ᠬᠤᠸᠠᠩ ᠶᠡᠭᠡ ᠵᠡᠭᠡᠯᠢ ᠶᠢᠨ 4 ᠳ᠋ᠦ᠋ᠭᠡᠷ ᠨᠣᠮᠧᠷ ︵4A᠂ 4B ᠵᠢᠴᠢ ᠵᠡᠭᠡᠯᠢ ᠳᠠᠭᠠᠭᠰᠠᠨ ᠬᠤᠳᠠᠯᠳᠤᠭᠠᠨ ᠤ | ᠲᠢᠩᠬᠢᠮ ᠪᠠᠭᠲᠠᠨ᠎ᠠ︶᠃ | ᠥᠷᠭᠡᠨ ᠤᠯᠠᠨ ᠰᠠᠭᠤᠭᠠᠯᠢ ᠠᠷᠠᠳ ᠠᠯᠪᠠᠨ ᠤ ᠲᠠᠯ᠎ᠠ ᠶᠢᠨ ᠨᠡᠶᠢᠲᠡᠯᠡᠭᠰᠡᠨ ᠡᠷᠬᠡ ᠰᠦᠷᠲᠦ ᠮᠡᠳᠡᠭᠡ | ᠵᠠᠩᠭᠢ ᠶᠢ ᠨᠢᠭᠲᠠ ᠠᠩᠬᠠᠷᠴᠤ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ | ᠲᠠᠷᠬᠠᠭᠠᠬᠤ ᠦᠭᠡᠢ ᠪᠠᠶᠢᠬᠤ ᠶᠢ ᠬᠦᠰᠡᠵᠦ ᠪᠠᠶᠢᠨ᠎ᠠ᠃ ᠥᠪᠡᠷ ᠢ ᠪᠠᠨ ︽ᠡᠷᠡᠭᠦᠯ ᠮᠡᠨᠳᠦ ᠶᠢᠨ ᠨᠢᠭᠡᠳᠦᠭᠡᠷ | ᠬᠠᠷᠢᠭᠤᠴᠠᠯᠭᠠᠲᠠᠨ︾ ᠭᠡᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠬᠤᠪᠢ ᠬᠥᠮᠦᠨ ᠤ ᠰᠡᠷᠭᠡᠶᠢᠯᠡᠨ | ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ᠭᠠᠷ ᠢᠶᠠᠨ | ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠪᠥᠭᠡᠮᠨᠡᠷᠡᠬᠦ ᠥᠬᠡᠶ ᠪᠠᠶᠢᠬᠤ ᠶᠢ ᠪᠠᠷᠢᠮᠲᠠᠯᠠᠵᠤ᠂ | ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠰᠠᠶᠢᠲᠤᠷ ᠬᠢᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ | ᠬᠡᠷᠡᠭᠲᠡᠶ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ | 2022 ᠣᠨ ᠤ 11 ᠰᠠᠷ᠎ᠠ ᠶᠢᠨ 14 ᠤ ᠡᠳᠦᠷ |