ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠢ ᠦᠨᠳᠦᠰᠦᠯᠡᠨ᠂ ᠰᠢᠨᠵᠢᠯᠡᠬᠦ | ᠤᠬᠠᠭᠠᠨᠴᠢ᠂ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢᠨ ᠲᠥᠯᠥᠭᠡ᠂ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ | ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪ︶︾ ᠪᠠ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ | ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠰᠠᠶᠢᠲᠤᠷ ᠬᠢᠬᠦ ᠲᠤᠬᠠᠶ ᠮᠡᠳᠡᠭᠳᠡᠯ︾ | ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠰᠤᠳᠤᠯᠤᠨ | ᠮᠠᠭᠠᠳᠯᠠᠭᠰᠠᠨ ᠢᠶᠠᠷ᠂ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠳᠣᠤᠷᠠᠬᠢ ᠣᠷᠣᠨ ᠪᠦᠰᠡ ᠶᠢ ᠦᠨᠳᠦᠷ | ᠲᠦᠭᠰᠢᠭᠦᠷᠢᠲᠦ ᠣᠷᠣᠨ ᠪᠣᠯᠭᠠᠨ ᠵᠠᠭᠠᠭᠯᠠᠨ ᠲᠣᠭᠲᠠᠭᠠᠬᠤ ᠪᠠᠷ ᠲᠣᠭᠲᠠᠪᠠ᠄ | 1. ᠰᠢᠶᠠᠩ ᠶᠠᠩ ᠵᠡᠭᠡᠯᠢ ᠭᠤᠳᠤᠮᠵᠢ ᠶᠢᠨ ᠯᠢ ᠱᠦᠶ ᠨᠡᠶᠢᠭᠡᠮ ᠲᠣᠭᠤᠷᠢᠭ ᠤᠨ ᠯᠢ ᠱᠦᠶ ᠾᠧ ᠫᠠᠨ ᠪᠠᠭ᠎ᠠ | ᠲᠣᠭᠤᠷᠢᠭ ᠤᠨ 15 ᠳ᠋ᠤᠭᠠᠷ ᠨᠣᠮᠧᠷᠲᠤ ᠠᠰᠠᠷ︔ | 2. ᠲᠢᠶᠧ ᠳ᠋ᠦᠩ ᠵᠡᠭᠡᠯᠢ ᠭᠤᠳᠤᠮᠵᠢ ᠶᠢᠨ ᠪᠧᠶ ᠴᠧᠩ ᠵᠢᠶᠠ ᠶᠤᠸᠠᠨ ᠨᠡᠶᠢᠭᠡᠮ ᠲᠣᠭᠤᠷᠢᠭ ᠤᠨ ᠪᠧᠶ ᠴᠧᠩ | ᠵᠢᠶᠠ ᠶᠤᠸᠠᠨ ᠨᠢᠭᠡᠳᠦᠭᠡᠷ ᠬᠤᠭᠤᠴᠠᠭᠠᠨ ᠤ 9 ᠳ᠋ᠦ᠋ᠭᠡᠷ ᠨᠣᠮᠧᠷᠲᠤ ᠠᠰᠠᠷ ᠤᠨ 3 ᠳ᠋ᠤᠭᠠᠷ ᠤᠷᠤᠴᠠ︔ | 3. ᠲᠢᠶᠧ ᠳ᠋ᠦᠩ ᠵᠡᠭᠡᠯᠢ ᠭᠤᠳᠤᠮᠵᠢ ᠶᠢᠨ ᠯᠠᠨ ᠱᠠᠨ ᠨᠡᠶᠢᠭᠡᠮ ᠲᠣᠭᠤᠷᠢᠭ ᠤᠨ ᠯᠠᠨ ᠱᠠᠨ ᠲᠢᠩ ᠶᠤᠸᠠᠨ | ᠪᠠᠷᠠᠭᠤᠨ ᠲᠣᠭᠤᠷᠢᠭ ᠤᠨ 1 ᠳ᠋ᠦ᠋ᠭᠡᠷ ᠨᠣᠮᠧᠷᠲᠤ ᠠᠰᠠᠷ︔ | 4. ᠰᠢᠶᠠᠩ ᠶᠠᠩ ᠵᠡᠭᠡᠯᠢ ᠭᠤᠳᠤᠮᠵᠢ ᠶᠢᠨ ᠽᠠᠢ ᠱᠦᠢ ᠢ ᠹᠠᠩ ᠨᠡᠶᠢᠭᠡᠮ ᠲᠣᠭᠤᠷᠢᠭ ᠤᠨ ᠽᠠᠢ ᠱᠦᠢ ᠢ | ᠹᠠᠩ ᠪᠠᠭ᠎ᠠ ᠲᠣᠭᠤᠷᠢᠭ ᠤᠨ 17 ᠳ᠋ᠤᠭᠠᠷ ᠠᠰᠠᠷ︔ | 5. ᠢᠦᠶ ᠯᠦᠩ ᠵᠡᠭᠡᠯᠢ ᠭᠤᠳᠤᠮᠵᠢ ᠶᠢᠨ ᠢᠦᠶ ᠯᠦᠩ ᠨᠡᠶᠢᠭᠡᠮ ᠲᠣᠭᠤᠷᠢᠭ ᠤᠨ ᠢᠦᠶ ᠯᠦᠩ ᠬᠡᠷ | ᠣᠷᠣᠨ ᠤ C9 ᠰᠠᠭᠤᠷᠢ ᠶᠢᠨ 5 ᠳ᠋ᠤᠭᠠᠷ ᠤᠷᠤᠴᠠ︔ | 6. ᠰᠦᠩᠵᠸᠤ ᠵᠡᠭᠡᠯᠢ ᠭᠤᠳᠤᠮᠵᠢ ᠶᠢᠨ ᠨᠥᠬᠦᠷᠯᠡᠯ ᠨᠡᠶᠢᠭᠡᠮ ᠲᠣᠭᠤᠷᠢᠭ ᠤᠨ ᠺᠠᠩ ᠵᠢᠤᠢ ᠬᠡᠷ ᠣᠷᠣᠨ ᠤ 2 | ᠳ᠋ᠤᠭᠠᠷ ᠨᠣᠮᠧᠷᠲᠤ ᠠᠰᠠᠷ᠃ | ᠥᠷᠭᠡᠨ ᠤᠯᠠᠨ ᠰᠠᠭᠤᠭᠠᠯᠢ ᠠᠷᠠᠳ ᠠᠯᠪᠠᠨ ᠤ ᠲᠠᠯ᠎ᠠ ᠶᠢᠨ ᠨᠡᠶᠢᠲᠡᠯᠡᠭᠰᠡᠨ ᠡᠷᠬᠡ ᠰᠦᠷᠲᠦ ᠮᠡᠳᠡᠭᠡ | ᠵᠠᠩᠭᠢ ᠶᠢ ᠨᠢᠭᠲᠠ ᠠᠩᠬᠠᠷᠴᠤ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ | ᠲᠠᠷᠬᠠᠭᠠᠬᠤ ᠦᠭᠡᠢ ᠪᠠᠶᠢᠬᠤ ᠶᠢ ᠬᠦᠰᠡᠵᠦ ᠪᠠᠶᠢᠨ᠎ᠠ᠃ ᠥᠪᠡᠷ ᠢ ᠪᠠᠨ ︽ᠡᠷᠡᠭᠦᠯ ᠮᠡᠨᠳᠦ ᠶᠢᠨ ᠨᠢᠭᠡᠳᠦᠭᠡᠷ | ᠬᠠᠷᠢᠭᠤᠴᠠᠯᠭᠠᠲᠠᠨ︾ ᠭᠡᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠬᠤᠪᠢ ᠬᠥᠮᠦᠨ ᠤ ᠰᠡᠷᠭᠡᠶᠢᠯᠡᠨ | ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ᠭᠠᠷ ᠢᠶᠠᠨ | ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠪᠥᠭᠡᠮᠨᠡᠷᠡᠬᠦ ᠥᠬᠡᠶ ᠪᠠᠶᠢᠬᠤ ᠶᠢ ᠪᠠᠷᠢᠮᠲᠠᠯᠠᠵᠤ᠂ | ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠰᠠᠶᠢᠲᠤᠷ ᠬᠢᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ | ᠬᠡᠷᠡᠭᠲᠡᠶ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ | 2022 ᠣᠨ ᠤ 11 ᠰᠠᠷ᠎ᠠ ᠶᠢᠨ 15 ᠤ ᠡᠳᠦᠷ |