ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠲᠦᠭᠰᠢᠭᠦᠷᠢᠲᠦ ᠣᠷᠣᠨ ᠪᠦᠰᠡ ᠶᠢ ᠵᠠᠭᠠᠭᠯᠠᠨ ᠲᠣᠭᠲᠠᠭᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2022/11/18
      ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠢ ᠦᠨᠳᠦᠰᠦᠯᠡᠨ᠂ ᠰᠢᠨᠵᠢᠯᠡᠬᠦ ᠤᠬᠠᠭᠠᠨᠴᠢ᠂ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ  ᠬᠡᠪ︶︾ ᠪᠠ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠰᠠᠶᠢᠲᠤᠷ ᠬᠢᠬᠦ ᠲᠤᠬᠠᠶ ᠮᠡᠳᠡᠭᠳᠡᠯ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠰᠤᠳᠤᠯᠤᠨ ᠮᠠᠭᠠᠳᠯᠠᠭᠰᠠᠨ ᠢᠶᠠᠷ᠂ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠳᠣᠤᠷᠠᠬᠢ ᠣᠷᠣᠨ ᠪᠦᠰᠡ ᠶᠢ ᠦᠨᠳᠦᠷ ᠲᠦᠭᠰᠢᠭᠦᠷᠢᠲᠦ ᠣᠷᠣᠨ ᠪᠣᠯᠭᠠᠨ ᠵᠠᠭᠠᠭᠯᠠᠨ ᠲᠣᠭᠲᠠᠭᠠᠬᠤ ᠪᠠᠷ ᠲᠣᠭᠲᠠᠭᠠᠪᠠ᠄       1.ᠰᠦᠩᠱᠠᠨ ᠲᠣᠭᠤᠷᠢᠭ ᠤᠨ ᠰᠦᠩᠵᠸᠤ ᠵᠡᠭᠡᠯᠢ ᠭᠤᠳᠤᠮᠵᠢ ᠶᠢᠨ ᠯᠢ ᠵᠢᠩ ᠨᠡᠶᠢᠭᠡᠮ ᠲᠣᠭᠤᠷᠢᠭ ᠤᠨ ᠴᠢᠶᠠᠨ ᠰᠢ ᠵᠢᠶᠦ᠋ᠨ ᠪᠠᠭ᠎ᠠ ᠲᠣᠭᠤᠷᠢᠭ ᠤᠨ 3 ᠳ᠋ᠤᠭᠠᠷ ᠠᠰᠠᠷ ᠤᠨ 1 ᠳ᠋ᠦ᠋ᠭᠡᠷ ᠤᠷᠤᠴᠠ︔       2. ᠰᠦᠩᠱᠠᠨ ᠲᠣᠭᠤᠷᠢᠭ ᠤᠨ ᠬᠢᠩᠭᠠᠨ ᠵᠡᠭᠡᠯᠢ ᠭᠤᠳᠤᠮᠵᠢ ᠶᠢᠨ ᠶᠤᠸᠠᠢ ᠬᠠᠶ ᠨᠡᠶᠢᠭᠡᠮ ᠲᠣᠭᠤᠷᠢᠭ ᠤᠨ ᠶᠤᠸᠠᠢ ᠬᠠᠶ ᠺᠠᠩ ᠲᠢᠩ ᠬᠤᠶᠢᠲᠤ ᠲᠣᠭᠤᠷᠢᠭ ᠤᠨ 9 ᠳ᠋ᠦ᠋ᠭᠡᠷ ᠨᠣᠮᠧᠷᠲᠤ ᠠᠰᠠᠷ ᠤᠨ 2 ᠳ᠋ᠤᠭᠠᠷ ᠤᠷᠤᠴᠠ᠃      ᠥᠷᠭᠡᠨ ᠤᠯᠠᠨ ᠰᠠᠭᠤᠭᠠᠯᠢ ᠠᠷᠠᠳ ᠠᠯᠪᠠᠨ ᠤ ᠲᠠᠯ᠎ᠠ ᠶᠢᠨ ᠨᠡᠶᠢᠲᠡᠯᠡᠭᠰᠡᠨ ᠡᠷᠬᠡ ᠰᠦᠷᠲᠦ ᠮᠡᠳᠡᠭᠡ ᠵᠠᠩᠭᠢ ᠶᠢ ᠨᠢᠭᠲᠠ ᠠᠩᠬᠠᠷᠴᠤ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ ᠪᠠᠶᠢᠬᠤ ᠶᠢ ᠬᠦᠰᠡᠵᠦ ᠪᠠᠶᠢᠨ᠎ᠠ᠃ ᠥᠪᠡᠷ ᠢ ᠪᠠᠨ ︽ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ︾ ᠭᠡᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠪᠥᠭᠡᠮᠨᠡᠷᠡᠬᠦ ᠥᠬᠡᠶ ᠪᠠᠶᠢᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ ᠬᠡᠷᠡᠭᠲᠡᠶ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ           2022 ᠣᠨ ᠤ 11 ᠰᠠᠷ᠎ᠠ ᠶᠢᠨ 17 ᠤ ᠡᠳᠦᠷ
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号