10 ᠳ᠋ᠤᠭᠠᠷ ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ | ᠬᠤᠷᠢᠶ᠎ᠠ ᠶᠢᠨ ᠱᠦᠵᠢ ᠵᠢᠶᠠᠩ ᠼᠦᠩ ᠲᠣᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ | ᠳᠤᠭᠤᠶᠢᠯᠠᠩ ᠤᠨ 2022 ᠣᠨ ᠤ 8 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ | ᠬᠤᠷᠠᠯᠳᠤᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢᠨ ︽ᠬᠠᠤᠯᠢ ᠶᠢ ᠴᠢᠩᠭ᠎ᠠ | ᠬᠡᠷᠡᠭᠵᠢᠭᠦᠯᠬᠦ ᠶᠢ ᠳᠥᠯᠭᠢᠨ ᠠᠬᠢᠭᠤᠯᠬᠤ︾ ᠲᠤᠬᠠᠶ ᠠᠩᠬᠠᠨ ᠤ ᠡᠭᠦᠳᠦᠯᠲᠡ ᠶᠢᠨ ᠴᠢᠨᠠᠷᠲᠠᠶ ᠬᠤᠪᠢ | ᠨᠡᠮᠡᠷᠢ ᠨᠦᠭᠦᠳ ᠢ ᠲᠤᠰᠬᠠᠶ ᠰᠡᠳᠦᠪ ᠢᠶᠠᠷ ᠰᠤᠷᠤᠯᠴᠠᠪᠠ᠃ |  ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ | ᠴᠠᠭᠠᠵᠠ ᠶᠢᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠬᠠᠤᠯᠢ ᠶᠢ ᠴᠢᠩᠭ᠎ᠠ ᠵᠢᠷᠤᠮᠵᠢᠭᠤᠨ ᠲᠥᠪ | ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ | ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠰᠢ ᠶᠢᠨ ᠫᠢᠩ ᠤᠨ | ᠬᠠᠤᠯᠢ ᠪᠠᠷ ᠵᠠᠰᠠᠬᠤ ᠦᠵᠡᠯ ᠰᠠᠨᠠᠭᠠᠨ ᠤ ︽ᠬᠠᠤᠯᠢ ᠶᠢ ᠴᠢᠩᠭ᠎ᠠ ᠬᠡᠷᠡᠭᠵᠢᠭᠦᠯᠬᠦ ᠶᠢ ᠠᠬᠢᠭᠤᠯᠬᠤ︾ ᠲᠤᠬᠠᠶ | ᠠᠩᠬᠠᠨ ᠤ ᠡᠭᠦᠳᠦᠯᠲᠡ ᠶᠢᠨ ᠴᠢᠨᠠᠷᠲᠠᠶ ᠬᠤᠪᠢ ᠨᠡᠮᠡᠷᠢ ᠨᠦᠭᠦᠳ ᠲᠤ ᠲᠠᠶᠢᠯᠤᠮᠵᠢ ᠬᠢᠪᠠ᠃ | ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ | ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃ |