ᠰᠦᠩᠱᠠᠨ ᠲᠣᠭᠤᠷᠢᠭ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/2
      11 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠤᠨ ᠬᠤᠷᠠᠯ ᠬᠤᠷᠠᠯᠳᠤᠭᠤᠯᠵᠤ᠂ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠹᠸᠢ ᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠲᠥᠷᠥ ᠶᠢᠨ ᠪᠣᠳᠣᠯᠭ᠎ᠠ᠂ ᠰᠦᠢᠳᠬᠡᠯ ᠲᠤᠰᠢᠶᠠᠬᠤ ᠶᠢ ᠭᠠᠷᠲᠠᠨ  ᠭᠦᠢᠴᠡᠳᠬᠡᠬᠦ ᠦᠢᠯᠡᠴᠢᠯᠡᠭᠡ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠵᠡᠷᠭᠡ ᠳᠤ ᠭᠤᠤᠯᠳᠠᠯᠭ᠎ᠠ ᠲᠠᠢ ᠲᠠᠶᠢᠯᠤᠮᠵᠢ ᠬᠢᠪᠠ᠃       ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠥᠷᠭᠡᠨ ᠤᠯᠠᠨ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠤ᠂ ᠠᠵᠢᠯ ᠤᠨ ᠬᠦᠴᠢᠷᠳᠡᠯ ᠢ ᠢᠯᠠᠨ ᠳᠠᠪᠠᠵᠤ᠂ ᠤᠯᠠᠨ ᠲᠦᠮᠡᠨ ᠤ ᠳᠠᠭᠠᠳᠬᠠᠯ ᠳᠤ ᠣᠷᠣᠯᠴᠠᠬᠤ ᠠᠵᠢᠯ ᠢ ᠪᠣᠳᠠᠲᠠᠢ ᠠᠳᠬᠤᠵᠤ᠂ ᠡᠮ ᠡᠮᠨᠡᠯᠭᠡ ᠶᠢᠨ ᠳᠠᠭᠠᠳᠬᠠᠯ ᠭᠡᠬᠦ ᠡᠨᠡᠬᠦ ᠠᠷᠠᠳ ᠤᠨ ᠠᠮᠢᠳᠤᠷᠠᠯ ᠤᠨ ᠢᠨᠵᠧᠨᠧᠷᠢᠩ᠂ ᠲᠤᠰᠠᠲᠤ ᠵᠠᠰᠠᠭ ᠤᠨ ᠢᠨᠵᠧᠨᠧᠷᠢᠩ ᠢ ᠪᠣᠳᠠᠲᠠᠢ ᠰᠠᠶᠢᠨ ᠡᠷᠬᠢᠯᠡᠬᠦ ᠪᠠᠷ ᠴᠢᠷᠮᠠᠶᠢᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠤᠨ ᠬᠦᠴᠦᠯᠡᠬᠦ ᠴᠡᠭ ᠢᠶᠠᠨ ᠣᠨᠣᠪᠴᠢᠲᠠᠢ ᠣᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠪᠣᠳᠠᠲᠠᠶᠢᠵᠢᠭᠤᠯᠬᠤ᠂ ᠵᠣᠬᠢᠴᠠᠭᠤᠯᠤᠨ ᠬᠠᠮᠵᠢᠯᠴᠠᠬᠤ ᠶᠢ ᠪᠣᠳᠠᠲᠠᠶᠢᠵᠢᠭᠤᠯᠬᠤ᠂ ᠤᠬᠠᠭᠤᠯᠤᠨ ᠳᠠᠶᠢᠴᠢᠯᠠᠬᠤ ᠶᠢ ᠪᠣᠳᠠᠲᠠᠶᠢᠵᠢᠭᠤᠯᠬᠤ᠂ ᠱᠠᠯᠠᠪᠳᠠᠭᠤᠯᠤᠨ ᠭᠦᠢᠴᠡᠳᠬᠡᠬᠦ ᠶᠢ ᠪᠣᠳᠠᠲᠠᠶᠢᠵᠢᠭᠤᠯᠬᠤ᠂ ᠨᠥᠬᠦᠪᠥᠷᠢ ᠶᠢᠨ ᠪᠡᠯᠡ ᠮᠥᠩᠭᠦ ᠶᠢ ᠪᠣᠳᠠᠲᠠᠶᠢᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠨᠢ ᠲᠣᠰᠬᠤᠨ ︵ᠨᠡᠶᠢᠭᠡᠮ ᠲᠣᠭᠤᠷᠢᠭ︶ ᠢᠶᠠᠷ ᠨᠢᠭᠡᠴᠢ ᠪᠣᠯᠭᠠᠨ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠰᠠᠭᠤᠷᠢ ᠲᠤᠭ᠎ᠠ ᠲᠠᠢ ᠤᠶᠠᠯᠳᠤᠭᠤᠯᠵᠤ᠂ ᠪᠠᠶᠢᠩᠭᠤ ᠰᠠᠭᠤᠭ᠎ᠠ ᠬᠥᠮᠦᠨ ᠠᠮᠠ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠠᠷᠠᠳ ᠤᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠭᠤᠤᠯᠳᠠᠯᠭ᠎ᠠ ᠲᠠᠢ ᠬᠦᠮᠦᠰ ᠤᠨ ᠬᠥᠳᠡᠯᠦᠩᠭᠦᠶ ᠪᠠᠷ ᠲᠣᠬᠢᠷᠠᠭᠤᠯᠤᠯᠲᠠ ᠬᠢᠭᠰᠡᠨ ᠪᠥᠬᠦ ᠬᠦᠮᠦᠰ ᠤᠨ ᠳᠠᠭᠠᠳᠬᠠᠯ ᠳᠤ ᠣᠷᠣᠯᠴᠠᠬᠤ ᠠᠵᠢᠯ ᠢ ᠰᠠᠶᠢᠲᠤᠷ ᠬᠢᠵᠦ᠂ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠠᠵᠢᠯ ᠤᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃      ᠣᠶᠢᠯᠠᠭᠠᠭᠰᠠᠨ ᠢᠶᠠᠷ᠂ 2023 ᠣᠨ ᠤ ᠰᠦᠩᠱᠠᠨ ᠲᠣᠭᠤᠷᠢᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠴᠠᠭ ᠤᠨ ᠬᠢᠵᠠᠭᠠᠷ ᠨᠢ 2022 ᠣᠨ ᠤ 12 ᠰᠠᠷ᠎ᠠ ᠶᠢᠨ 31 ᠤ ᠡᠳᠦᠷ ᠪᠣᠯᠤᠨ᠎ᠠ᠂ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠨᠢ ᠬᠥᠮᠦᠨ ᠪᠦᠷᠢ 380 ᠲᠥᠭᠦᠷᠢᠭ ᠪᠣᠯᠤᠨ᠎ᠠ᠃ ᠤᠯᠤᠰ ᠠᠴᠠ ᠬᠡᠰᠡᠭ ᠬᠠᠮᠲᠤᠯᠢᠭ ᠤᠨ ᠳᠠᠭᠠᠳᠬᠠᠯ ᠳᠤ ᠣᠷᠣᠯᠴᠠᠭᠰᠠᠨ ᠶᠠᠪᠤᠳᠠᠯ ᠳᠤ ᠲᠤᠰᠠᠯᠠᠮᠵᠢ ᠶᠢᠨ ᠨᠥᠬᠦᠪᠥᠷᠢ ᠥᠭᠭᠦᠨ᠎ᠡ᠃ ᠣᠨᠴᠠ ᠬᠦᠴᠢᠷᠳᠡᠯᠲᠡᠶ ᠬᠥᠮᠦᠰ ᠲᠤ ᠪᠥᠬᠦ ᠲᠣᠭᠠᠨ ᠤ ᠲᠤᠰᠠᠯᠠᠮᠵᠢ ᠬᠦᠷᠲᠡᠭᠡᠵᠦ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠳᠠᠬᠢᠨ ᠶᠠᠳᠠᠭᠤᠷᠠᠭᠰᠠᠨ ᠠᠴᠠ ᠪᠣᠯᠵᠣ ᠶᠠᠳᠠᠭᠤᠷᠠᠭᠰᠠᠨ ᠬᠥᠮᠦᠨ ᠠᠮᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠬᠢᠨᠠᠨ ᠰᠢᠯᠭᠠᠬᠤ ᠡᠲᠡᠭᠡᠳ ᠲᠤ ᠤᠷᠢᠳᠠᠪᠠᠷ ᠲᠤᠰᠢᠶᠠᠵᠤ ᠳᠠᠷᠠᠭ᠎ᠠ ᠨᠢ ᠪᠤᠴᠠᠭᠠᠬᠤ ᠲᠥᠷᠥ ᠶᠢᠨ ᠪᠣᠳᠣᠯᠭ᠎ᠠ ᠶᠢ ᠡᠳ᠋ᠯᠡᠭᠦᠯᠦᠨ᠎ᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号