ᠵᠦᠩ ᠴᠢᠩ ᠰᠦᠩ 2022 ᠣᠨ ᠤ ᠲᠣᠭᠤᠷᠢᠭ ᠤᠨ ᠵᠠᠰᠠᠭ ᠤᠨ ᠣᠷᠳᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/2
     10 ᠳ᠋ᠤᠭᠠᠷ ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ 2022 ᠣᠨ ᠤ ᠲᠣᠭᠤᠷᠢᠭ ᠤᠨ ᠵᠠᠰᠠᠭ ᠤᠨ ᠣᠷᠳᠣᠨ ᠤ 8 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾ ᠢ ᠤᠯᠠᠮᠵᠢᠯᠠᠨ ᠰᠤᠷᠤᠯᠴᠠᠪᠠ︔ ᠰᠦᠩᠱᠠᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠨ ᠪᠣᠳᠠᠲᠠᠢ ᠠᠳᠬᠤᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠰᠤᠷᠤᠯᠴᠠᠯᠭ᠎ᠠ ᠪᠠᠨ ᠴᠢᠩᠭᠠᠳᠬᠠᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠥᠰᠦᠯ ᠢ ᠲᠣᠭᠲᠠᠭᠠᠬᠤ ᠪᠠ ᠨᠠᠶᠢᠳᠠᠪᠤᠷᠢᠵᠢᠭᠤᠯᠬᠤ ᠶᠢ ᠪᠡᠶ᠎ᠡ ᠪᠠᠷ ᠢᠶᠠᠨ ᠰᠠᠶᠢᠲᠤᠷ ᠠᠳᠬᠤᠵᠤ᠂ ᠦᠯᠢᠭᠡᠷ ᠵᠢᠱᠢᠶ᠎ᠡ ᠦᠵᠡᠭᠦᠯᠦᠨ ᠳᠠᠶᠢᠴᠢᠯᠠᠬᠤ᠂ ᠳᠠᠭᠠᠭᠤᠯᠤᠨ ᠰᠤᠷᠤᠯᠴᠠᠬᠤ ᠶᠢ ᠠᠬᠢᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠰᠤᠷᠤᠯᠴᠠᠯᠭ᠎ᠠ ᠤᠬᠠᠭᠤᠯᠭ᠎ᠠ ᠶᠢᠨ ᠥᠷᠭᠡᠴᠡ ᠭᠦᠨᠴᠡ ᠶᠢ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠠᠵᠤ ᠠᠬᠤᠶᠢᠯᠠᠯ᠂ ᠬᠥᠳᠡᠭᠡ ᠲᠣᠰᠬᠤᠨ᠂ ᠪᠠᠶᠢᠭᠤᠯᠤᠯᠭ᠎ᠠ᠂ ᠰᠤᠷᠭᠠᠭᠤᠯᠢ ᠶᠢᠨ ᠬᠦᠷᠢᠶ᠎ᠡ᠂ ᠨᠡᠶᠢᠭᠡᠮ ᠲᠣᠭᠤᠷᠢᠭ ᠲᠤ ᠣᠷᠣᠭᠤᠯᠬᠤ ᠶᠢ ᠠᠬᠢᠭᠤᠯᠵᠤ᠂ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠦᠨ ᠪᠦᠬᠦᠨ ᠳᠤ ᠮᠡᠳᠡᠭᠦᠯᠵᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ᠃ ᠤᠨᠤᠯ ᠢ ᠪᠣᠳᠠᠲᠠᠢ ᠲᠠᠢ ᠤᠶᠠᠯᠳᠤᠭᠤᠯᠬᠤ᠂ ᠮᠡᠳᠡᠬᠦᠶ ᠬᠢᠬᠦᠶ ᠶᠢ ᠨᠢᠭᠡᠳᠬᠡᠬᠦ᠂ ᠰᠣᠷᠣᠭᠰᠠᠨ ᠢᠶᠠᠨ ᠬᠡᠷᠡᠭᠯᠡᠬᠦ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠠᠢ ᠤᠶᠠᠯᠳᠤᠭᠤᠯᠵᠤ᠂ ︽ᠰᠤᠷᠤᠯᠴᠠᠬᠤ ᠰᠡᠳᠬᠢᠬᠦ ᠬᠡᠷᠡᠭᠯᠡᠬᠦ︾ ᠶᠢ ᠦᠨᠡᠨ ᠬᠦ ᠲᠤᠭᠤᠰᠢᠯᠠᠭᠤᠯᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠦᠨᠡᠨ ᠬᠦ ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠶ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠶ ᠲᠥᠯᠥᠪᠯᠡᠵᠦ᠂ ᠠᠵᠤ ᠠᠬᠤᠶ ᠶᠢᠨ ᠬᠥᠭᠵᠢᠯᠲᠡ ᠶᠢᠨ ᠬᠠᠮᠤᠭ ᠤᠨ ᠰᠠᠶᠢᠨ ᠬᠢᠷᠢ ᠪᠦᠲᠦᠮᠵᠢ ᠶᠢ ᠴᠢᠷᠮᠠᠶᠢᠨ ᠤᠯᠬᠤ ᠬᠡᠷᠡᠭᠲᠡᠶ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠶᠢᠲᠡᠯᠡᠭᠰᠡᠨ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾ ᠨᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠤᠨ ᠬᠥᠭᠵᠢᠯᠲᠡ ᠶᠢᠨ ᠢᠲᠡᠭᠡᠯ ᠵᠣᠷᠢᠭ ᠢ ᠶᠡᠬᠡᠪᠡᠷ ᠬᠥᠪᠴᠢᠯᠡᠵᠦ᠂ ᠠᠵᠤ ᠠᠬᠤᠢ ᠶᠢ ᠰᠡᠷᠭᠦᠭᠡᠨ ᠬᠥᠭᠵᠢᠭᠦᠯᠬᠦ ᠪᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠳᠠᠷᠤᠭ᠎ᠠ ᠨᠢ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠪᠠᠨ ᠵᠣᠬᠢᠶᠠᠨ ᠪᠠᠶᠢᠭᠤᠯᠤᠨ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠢ ᠨᠠᠷᠢᠨ ᠬᠢᠨᠠᠮᠠᠭᠠᠶ ᠡᠮᠬᠢᠯᠡᠵᠦ᠂ ᠲᠥᠷᠥᠯ ᠬᠤᠪᠢᠶᠠᠨ ᠨᠠᠷᠢᠨ ᠲᠠᠩᠰᠠ ᠵᠢᠭᠰᠠᠭᠠᠵᠤ᠂ ᠳᠠᠷᠦ᠋ᠢᠬᠠᠨ ᠨᠠᠶᠢᠳᠠᠪᠤᠷᠢᠵᠢᠭᠤᠯᠤᠨ ᠰᠢᠢᠳᠪᠦᠷᠢᠯᠡᠵᠦ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠳᠤ ᠦᠨᠡᠨᠬᠦ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠶ᠃ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠡᠮᠦᠨ᠎ᠡ ᠨᠢ ᠦᠢᠯᠡᠴᠢᠯᠡᠵᠦ᠂ ᠤᠨᠢᠨ ᠳᠡᠭᠡᠷ᠎ᠡ ᠨᠢ ᠦᠢᠯᠡᠴᠢᠯᠡᠵᠦ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠢᠳᠡᠪᠬᠢᠲᠡᠢ ᠰᠢᠢᠳᠪᠦᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠪᠠᠲᠤ ᠴᠢᠩᠭ᠎ᠠ ᠥᠮᠥᠭ ᠲᠦᠰᠢᠭ ᠪᠣᠯᠬᠤ ᠬᠡᠷᠡᠭᠲᠡᠢ᠃ ᠡᠯ᠎ᠡ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠢᠨ ᠠᠵᠢᠯ ᠲᠦᠷᠦᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠵᠤ ᠠᠬᠤᠶᠢᠯᠠᠯ ᠤᠨ ᠳᠣᠲᠣᠭᠠᠳᠤ ᠶᠢᠨ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠵᠣᠷᠢᠭᠵᠢᠭᠤᠯᠬᠤ ᠪᠠ ᠬᠦᠳᠦᠯᠦᠨ ᠵᠢᠯᠣᠭᠤᠳᠴᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠠᠬᠢ ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠡᠷᠴᠢᠮᠲᠡᠢ ᠪᠠᠶᠢᠳᠠᠯ ᠢ ᠪᠠᠲᠤᠯᠠᠵᠤ᠂ ᠠᠵᠠ ᠲᠣᠬᠢᠶᠠᠯ ᠢ ᠠᠮᠵᠢᠵᠤ᠂ ᠰᠠᠨᠠᠭᠠᠴᠢᠯᠠᠭ᠎ᠠ ᠲᠠᠢ ᠪᠠᠷ ᠲᠠᠭᠠᠷᠢᠯᠳᠡ ᠬᠢᠵᠦ᠂ ᠡᠬᠢ ᠪᠠᠶᠠᠯᠢᠭ ᠤᠨ ᠲᠥᠷᠥᠯᠬᠢ ᠠᠪᠢᠶᠠᠰ ᠪᠣᠯᠤᠨ ᠠᠵᠤ ᠦᠢᠯᠡᠰ ᠤᠨ ᠳᠠᠪᠠᠭᠤᠯᠢᠭ ᠤᠨ ᠲᠣᠭᠤᠷᠢᠨ ᠳᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠨᠢᠭᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠴᠢᠷᠮᠠᠶᠢᠨ ᠣᠷᠣᠭᠤᠯᠵᠤ᠂ ᠪᠦᠬᠦ ᠲᠣᠭᠤᠷᠢᠭ ᠤᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠶᠠᠰᠤ ᠴᠢᠨᠠᠷ ᠪᠣᠯᠤᠨ ᠲᠦᠪᠰᠢᠨ ᠤ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠠ ᠮᠥᠷᠳᠡᠨ ᠦᠢᠯᠡᠴᠢᠯᠡᠬᠦ ᠶᠢ ᠴᠢᠩᠭ᠎ᠠ ᠠᠳᠬᠤᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠷᠲᠡ ᠭᠡᠷ᠎ᠡ ᠲᠣᠭᠲᠠᠬᠤ᠂ ᠡᠷᠲᠡ ᠠᠵᠢᠯ ᠡᠬᠢᠯᠡᠭᠦᠯᠬᠦ᠂ ᠡᠷᠲᠡ ᠪᠠᠶᠢᠭᠤᠯᠵᠤ ᠳᠠᠭᠤᠰᠬᠠᠬᠤ᠂ ᠡᠷᠲᠡ ᠦᠷ᠎ᠡ ᠪᠦᠲᠦᠮᠵᠢ ᠤᠯᠬᠤ ᠶᠢ ᠪᠡᠶᠡᠯᠡᠭᠦᠯᠬᠦ ᠬᠡᠷᠡᠭᠲᠡᠢ᠃ ᠲᠦᠷᠦᠯ ᠵᠦᠢᠯ ᠤᠨ ︽ᠣᠷᠣᠭᠤᠯᠵᠤ ᠠᠪᠴᠢᠷᠠᠬᠤ ᠪᠣᠭᠤᠮᠲᠠ︾ ᠶᠢ ᠴᠢᠩᠭ᠎ᠠ ᠠᠳᠬᠤᠵᠤ᠂ ᠠᠷᠠᠯᠵᠢᠶᠠᠴᠢᠨ ᠤᠷᠢᠬᠤ ᠲᠦᠷᠦᠯ ᠵᠦᠢᠯ ᠤᠨ ︽ᠣᠷᠣᠭᠤᠯᠵᠤ ᠳᠡᠶᠢᠯᠬᠦ᠂ ᠦᠯᠡᠳᠡᠭᠡᠵᠦ ᠳᠡᠶᠢᠯᠬᠦ᠂ ᠬᠥᠭᠵᠢᠭᠦᠯᠵᠦ ᠳᠡᠶᠢᠯᠬᠦ︾ ᠶᠢ ᠦᠨᠡᠨᠬᠦ ᠪᠠᠲᠤᠯᠠᠬᠤ ᠬᠡᠷᠡᠭᠲᠡᠢ᠃      ᠬᠤᠷᠠᠯ ᠠᠴᠠ ᠪᠠᠰᠠ ︽ᠰᠦᠩᠱᠠᠨ ᠲᠣᠭᠤᠷᠢᠭ ᠤᠨ ᠳᠠᠷᠤᠭᠳᠠᠮᠠᠯ ᠪᠠᠯᠠ ᠮᠥᠩᠭᠦ ᠶᠢ ᠲᠥᠷᠥᠯ ᠬᠤᠪᠢᠶᠠᠨ  ᠰᠢᠢᠳᠪᠦᠷᠢᠯᠡᠬᠦ ᠰᠠᠨᠠᠯ︾᠂ ᠰᠦᠩᠱᠠᠨ ᠲᠣᠭᠤᠷᠢᠭ ᠤᠨ ᠠᠷᠪᠠᠨ ᠳᠥᠷᠪᠡᠳᠦᠭᠡᠷ ᠬᠡᠤᠬᠡᠳ ᠤᠨ ᠴᠡᠴᠡᠷᠯᠢᠭ᠂ ᠬᠤᠷᠢᠨ ᠬᠤᠶᠠᠳᠤᠭᠠᠷ ᠬᠡᠤᠬᠡᠳ ᠤᠨ ᠴᠡᠴᠡᠷᠯᠢᠭ ᠪᠣᠯᠤᠨ ᠬᠤᠷᠢᠨ ᠨᠠᠢᠮᠠᠳᠤᠭᠠᠷ ᠪᠠᠭ᠎ᠠ ᠰᠤᠷᠭᠠᠭᠤᠯᠢ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠢᠦᠶ ᠯᠦᠩ ᠨᠣᠮ ᠤᠨ ᠥᠷᠥᠭᠡ ᠶᠢᠨ ᠪᠥᠲᠥᠭᠡᠨ ᠪᠠᠶᠢᠭᠤᠯᠤᠯᠲᠠ ᠡᠵᠡᠩᠨᠡᠯᠲᠡ ᠵᠡᠷᠭᠡ ᠬᠤᠯᠪᠣᠭᠳᠠᠯ ᠪᠥᠬᠦᠶ  ᠵᠦᠢᠯᠡᠰ ᠢ ᠰᠤᠳᠤᠯᠵᠠᠶ᠃      ᠰᠦᠩᠱᠠᠨ ᠲᠣᠭᠤᠷᠢᠭ ᠤᠨ ᠤᠳᠤᠷᠢᠳᠤᠯᠭ᠎ᠠ ᠵᠢᠶᠠ ᡁᠢ ᠬᠤᠩ᠂ ᠯᠢᠶᠠᠩ ᠮᠢᠩ ᠽᠧ᠂ ᠶᠠᠩ ᠯᠢ ᠬᠥᠩ᠂ ᠰᠢᠤᠢ ᠹᠸᠢ ᠶᠠᠨ᠂ ᠢᠦᠶ ᠬᠤᠸᠠ ᠶᠠᠨ᠂ ᠯᠢ ᠰᠢᠶᠠᠨ ᠹᠦ᠋᠂ ᠴᠧᠨ ᠶᠠᠨ ᠶᠦᠩ᠂ ᠲᠠᠩ ᠲᠢᠩ ᠲᠢᠩ ᠬᠤᠷᠠᠯ ᠳᠤ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号