ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ  ᠤᠨ ᠲᠦᠭᠰᠢᠭᠦᠷᠢᠲᠦ ᠣᠷᠣᠨ ᠢ ᠵᠠᠭᠠᠭᠯᠠᠨ ᠲᠣᠭᠲᠠᠭᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2022/11/22
      ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠢ ᠦᠨᠳᠦᠰᠦᠯᠡᠨ᠂ ᠰᠢᠨᠵᠢᠯᠡᠬᠦ ᠤᠬᠠᠭᠠᠨᠴᠢ᠂ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪ︶︾ ᠪᠠ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠰᠠᠶᠢᠲᠤᠷ ᠬᠢᠬᠦ ᠲᠤᠬᠠᠶ ᠮᠡᠳᠡᠭᠳᠡᠯ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠰᠤᠳᠤᠯᠤᠨ ᠮᠠᠭᠠᠳᠯᠠᠭᠰᠠᠨ ᠢᠶᠠᠷ᠂ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠳᠣᠤᠷᠠᠬᠢ ᠣᠷᠣᠨ ᠪᠦᠰᠡ ᠶᠢ ᠦᠨᠳᠦᠷ ᠠᠶᠤᠯ ᠲᠦᠭᠰᠢᠭᠦᠷᠢᠲᠦ ᠣᠷᠣᠨ ᠪᠣᠯᠭᠠᠨ ᠲᠣᠬᠢᠷᠠᠭᠤᠯᠬᠤ ᠪᠠᠷ ᠲᠣᠭᠲᠠᠪᠠ᠄      1. ᠤᠯᠠᠭᠠᠨᠬᠠᠳᠠ ᠶᠢᠨ ᠬᠤᠳᠠᠯᠳᠤᠭ᠎ᠠ ᠠᠷᠠᠯᠵᠢᠶᠠᠨ ᠤ ᠪᠠᠷᠠᠭᠠᠨ ᠤ ᠭᠦᠢᠯᠭᠡᠭᠡᠨ ᠤ ᠬᠤᠲᠠ ᠶᠢᠨ ᠳ᠋ᠦᠩ ᠾᠧᠩ ᠬᠤᠳᠠᠯᠳᠤᠭ᠎ᠠ ᠠᠷᠠᠯᠵᠢᠶᠠᠨ ᠤ ᠬᠤᠲᠠ ᠶᠢᠨ 2 ᠳ᠋ᠤᠭᠠᠷ ᠠᠰᠠᠷ ︵ᠬᠤᠳᠠᠯᠳᠤᠭᠠᠨ ᠤ ᠲᠢᠩᠬᠢᠮ ᠪᠠᠭᠲᠠᠨ᠎ᠠ︶      2. ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠤᠲᠠ ᠶᠢᠨ ᠮᠧᠩ ᠳ᠋ᠦᠩ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠤᠨ B-1 ᠳ᠋ᠦ᠋ᠭᠡᠷ ᠠᠰᠠᠷ᠂ B-3 ᠳ᠋ᠤᠭᠠᠷ ᠠᠰᠠᠷ ︵ᠬᠤᠳᠠᠯᠳᠤᠭᠠᠨ ᠤ ᠲᠢᠩᠬᠢᠮ ᠪᠠᠭᠲᠠᠨ᠎ᠠ︶      3. ᠢᠦᠢ ᠯᠦᠩ ᠵᠡᠭᠡᠯᠢ ᠭᠤᠳᠤᠮᠵᠢ ᠶᠢᠨ ᠸᠧᠨ ᠰᠢᠨ ᠨᠡᠶᠢᠭᠡᠮ ᠲᠣᠭᠤᠷᠢᠭ ᠤᠨ ᠰᠢᠨ ᠹᠧᠩ ᠶᠠ ᠵᠢᠤᠢ 27 ᠳ᠋ᠤᠭᠠᠷ ᠠᠰᠠᠷ      4. ᠭᠠᠩᠽᠢ ᠰᠢᠶᠠᠩ ᠤᠨ ᠫᠠᠢ ᠯᠦ ᠭᠧᠤ ᠲᠣᠰᠬᠤᠨ      5.ᠠᠩᠴᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠪᠠᠶᠢᠰᠢᠩ ᠤᠨ ᠨᠢᠭᠡᠳᠦᠭᠡᠷ ᠬᠤᠭᠤᠴᠠᠭᠠᠨ ᠤ 17 - 18 ᠦᠢᠯᠡᠳᠪᠦᠷᠢ ᠶᠢᠨ ᠪᠠᠶᠢᠰᠢᠩ᠂ ᠳᠤᠮᠳᠠᠳᠤ ᠤᠯᠤᠰ ᠤᠨ ᠤᠰᠤᠨ ᠤ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠲᠦᠷᠦᠯ ᠵᠦᠢᠯ ᠤᠨ ᠬᠡᠯᠲᠡᠰ      6.ᠠᠩᠴᠢᠨ ᠪᠠᠯᠭᠠᠰᠤᠨ ᠤ ᠪᠸᠢ ᠳ᠋ᠤᠤ ᠲᠣᠰᠬᠤᠨ ᠤ ᠰᠢᠶᠤᠤ ᠪᠸᠢ ᠶᠢᠩᠽᠢ      7. ᠢᠦᠢ ᠯᠦᠩ ᠵᠡᠭᠡᠯᠢ ᠭᠤᠳᠤᠮᠵᠢ ᠶᠢᠨ ᠡᠦ ᠵᠢᠶᠠ ᠸᠠᠨ ᠵᠢᠩ ᠨᠡᠶᠢᠭᠡᠮ ᠲᠣᠭᠤᠷᠢᠭ ᠤᠨ ᠡᠦ ᠵᠢᠶᠠ ᠸᠠᠨ ᠵᠢᠩ ᠪᠠᠭ᠎ᠠ ᠲᠣᠭᠤᠷᠢᠭ ᠤᠨ 3 ᠳ᠋ᠤᠭᠠᠷ ᠨᠣᠮᠧᠷᠲᠤ ᠠᠰᠠᠷ ᠤᠨ 2 ᠳ᠋ᠤᠭᠠᠷ ᠣᠷᠤᠴᠠ      8. ᠳ᠋ᠠ ᠮᠢᠶᠣᠣ ᠪᠠᠯᠭᠠᠰᠤᠨ ᠤ ᠯᠢᠦ ᠵᠢᠶᠠ ᠶᠢᠩᠽᠢ ᠲᠣᠰᠬᠤᠨ      ᠥᠷᠭᠡᠨ ᠤᠯᠠᠨ ᠰᠠᠭᠤᠭᠠᠯᠢ ᠠᠷᠠᠳ ᠠᠯᠪᠠᠨ ᠤ ᠲᠠᠯ᠎ᠠ ᠶᠢᠨ ᠨᠡᠶᠢᠲᠡᠯᠡᠭᠰᠡᠨ ᠡᠷᠬᠡ ᠰᠦᠷᠲᠦ ᠮᠡᠳᠡᠭᠡ ᠵᠠᠩᠭᠢ ᠶᠢ ᠨᠢᠭᠲᠠ ᠠᠩᠬᠠᠷᠴᠤ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ ᠪᠠᠶᠢᠬᠤ ᠶᠢ ᠬᠦᠰᠡᠵᠦ ᠪᠠᠶᠢᠨ᠎ᠠ᠃ ᠥᠪᠡᠷ ᠢ ᠪᠠᠨ ︽ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ︾ ᠭᠡᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠪᠥᠭᠡᠮᠨᠡᠷᠡᠬᠦ ᠥᠬᠡᠶ ᠪᠠᠶᠢᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ ᠬᠡᠷᠡᠭᠲᠡᠶ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ           2022 ᠣᠨ ᠤ 11 ᠰᠠᠷ᠎ᠠ ᠶᠢᠨ 21 ᠤ ᠡᠳᠦᠷ
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号