11 ᠰᠠᠷ᠎ᠠ ᠶᠢᠨ 21 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠥᠷᠪᠡᠳᠦᠭᠡᠷ ᠤᠳᠠᠭᠠᠨ ᠤ | ᠬᠤᠷᠠᠯ ᠢ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠱᠦᠨ᠂ ᠳᠡᠳ᠋ ᠡᠷᠬᠢᠯᠡᠭᠴᠢ ᠶᠤᠸᠠᠨ ᠴᠦᠨ ᠯᠢ᠂ ᠰᠦᠨ ᠵᠧᠨ ᠬᠠᠶ᠂ | ᠱᠢ ᠵᠢᠶᠠᠨ ᠪᠢᠨ᠂ ᠯᠢ ᠭᠦᠸᠧ ᠯᠢᠨ ᠬᠤᠷᠠᠯ ᠳᠤ ᠣᠷᠣᠯᠴᠠᠪᠠ᠃ ᠲᠣᠭᠤᠷᠢᠭ ᠤᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠠ ᡁᠢ ᠬᠤᠩ᠂ | ᠲᠣᠭᠤᠷᠢᠭ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠵᠠᠩ ᠯᠢ ᠭᠦᠸᠧ᠂ ᠲᠣᠭᠤᠷᠢᠭ ᠤᠨ ᠬᠢᠨᠠᠨ | ᠪᠠᠶᠢᠴᠠᠭᠠᠬᠤ ᠵᠥᠪᠯᠡᠯ ᠵᠢᠴᠢ ᠰᠢᠭᠦᠬᠦ ᠬᠤᠷᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠰᠤᠯᠠ | ᠣᠷᠣᠯᠴᠠᠪᠠ᠃ | ᠬᠤᠷᠠᠯ ᠠᠴᠠ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ ︽ᠲᠣᠭᠤᠷᠢᠭ ᠤᠨ ᠠᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ | ᠲᠥᠯᠥᠭᠡᠯᠡᠭᠴᠢ ᠶᠢᠨ ᠰᠠᠨᠠᠭᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾ ︽ᠪᠥᠬᠦ | ᠲᠣᠭᠤᠷᠢᠭ ᠤᠨ 2022 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠥᠷᠨᠢᠭᠦᠯᠦᠭᠰᠡᠨ | ᠪᠠᠶᠢᠳᠠᠯ ᠤᠨ ᠲᠤᠬᠠᠶ ᠮᠡᠳᠡᠭᠦᠯᠦᠯᠲᠡ︾ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ | ᠲᠠᠯ᠎ᠠ ᠪᠠᠷ ᠳᠥᠯᠭᠢᠨ ᠠᠬᠢᠭᠤᠯᠵᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾ ︽2022 ᠣᠨ ᠤ | ᠰᠦᠩᠱᠠᠨ ᠲᠣᠭᠤᠷᠢᠭ ᠤᠨ ᠲᠣᠰ ᠱᠠᠲᠤᠨ ᠤ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠤᠨ ᠲᠤᠬᠠᠶ | ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠪᠡ᠃ ᠰᠦᠩᠱᠠᠨ ᠲᠣᠭᠤᠷᠢᠭ ᠤᠨ ᠬᠡᠰᠡᠭ ᠰᠢᠭᠦᠬᠦ ᠬᠤᠷᠢᠶᠠᠨ ᠤ | ᠰᠢᠭᠦᠭᠴᠢ᠂ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠶᠢᠨ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ | ᠵᠥᠪᠯᠡᠵᠦ ᠪᠠᠲᠤᠯᠠᠪᠠ᠃ ︽ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠨ᠎ᠡ ᠴᠠᠭ ᠦᠶ᠎ᠡ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠰᠠᠨᠠᠯ︾᠂ ︽ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠢ ᠦᠨᠡᠯᠡᠬᠦ ᠠᠷᠭ᠎ᠠ ︵ᠲᠤᠷᠰᠢᠨ | ᠬᠡᠷᠡᠭᠵᠢᠭᠦᠯᠬᠦ︶︾᠂ ︽ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ | ᠰᠣᠨᠣᠰᠴᠤ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ | ᠲᠥᠰᠦᠯ ᠢ ᠬᠢᠨᠠᠨ ᠵᠥᠪᠯᠡᠵᠦ ᠪᠠᠲᠤᠯᠠᠪᠠ᠂ ᠸᠠᠩ ᠱᠦᠨ ᠰᠢᠨ᠎ᠡ ᠪᠠᠷ ᠲᠤᠰᠢᠶᠠᠯ ᠡᠭᠦᠷᠭᠡᠯᠡᠭᠰᠡᠳ ᠲᠤ ᠲᠤᠰᠢᠶᠠᠯ ᠳᠤ | ᠲᠣᠮᠢᠯᠠᠬᠤ ᠪᠢᠴᠢᠭ ᠣᠯᠭᠤᠵᠤ᠂ ᠰᠢᠨ᠎ᠡ ᠪᠠᠷ ᠲᠤᠰᠢᠶᠠᠯ ᠡᠭᠦᠷᠭᠡᠯᠡᠭᠴᠢ ᠦᠨᠳᠦᠰᠦᠨ ᠬᠠᠤᠯᠢ ᠳᠤ ᠲᠥᠪ ᠴᠢᠩᠭ᠎ᠠ ᠪᠠᠷ | ᠲᠠᠩᠭᠠᠷᠢᠭᠯᠠᠪᠠ᠃ |