11 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠢᠶᠠᠨ ᠵᠥᠩ ᠶᠤᠸᠠᠢ | ᠰᠦᠩᠱᠠᠨ ᠲᠣᠭᠤᠷᠢᠭ ᠲᠤ ᠢᠷᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠲᠡᠭ ᠪᠣᠯᠭᠠᠬᠤ︾ ᠪᠡᠷᠬᠡ | ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠠᠵᠢᠯ ᠢ ᠰᠢᠪᠠᠳᠠᠨ ᠵᠢᠯᠣᠭᠤᠳᠪᠠ᠃ ᠰᠦᠩᠱᠠᠨ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠᠩ ᠼᠦᠩ᠂ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠱᠦᠨ ᠵᠡᠷᠭᠡ | ᠤᠳᠤᠷᠢᠳᠤᠯᠭ᠎ᠠ ᠪᠠᠷ᠎ᠠ ᠪᠤᠯᠵᠤ ᠰᠢᠪᠠᠳᠠᠨ ᠵᠢᠯᠣᠭᠤᠳᠪᠠ᠃ | ᠪᠢᠶᠠᠨ ᠵᠥᠩ ᠶᠤᠸᠠᠢ ᠴᠢᠬᠤᠯᠠᠴᠢᠯᠠᠬᠤ ᠳᠠᠭᠠᠨ᠂ ᠰᠦᠩᠱᠠᠨ ᠲᠣᠭᠤᠷᠢᠭ ᠰᠢ ᠶᠢᠨ ᠫᠢᠩ ᠶᠡᠷᠦᠩᠬᠡᠶ | ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ | ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠨ᠂ ︽ᠭᠠᠳᠠᠭᠠᠳᠤ ᠠᠴᠠ | ᠣᠷᠣᠭᠤᠯᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ ᠶᠡᠷᠦᠩᠬᠡᠶ ᠠᠷᠭ᠎ᠠ | ᠪᠣᠳᠣᠯᠭ᠎ᠠ ᠶᠢ ᠡᠷᠡᠰ ᠭᠤᠶᠢᠪᠢᠰᠢ ᠥᠬᠡᠶ ᠨᠠᠶᠢᠳᠠᠪᠤᠷᠢᠵᠢᠭᠤᠯᠵᠤ᠂ ︽ᠬᠥᠳᠡᠯᠦᠩᠭᠦᠶ ᠪᠠᠷ ᠲᠡᠭ ᠪᠣᠯᠭᠠᠬᠤ︾ ᠶᠡᠷᠦᠩᠬᠡᠶ | ᠴᠢᠭᠯᠡᠯᠲᠡ ᠶᠢ ᠡᠷᠡᠰ ᠭᠤᠶᠢᠪᠢᠰᠢ ᠥᠬᠡᠶ ᠲᠤᠤᠱᠯᠠᠭᠤᠯᠤᠨ᠂ ᠶᠢᠰᠦᠳᠦᠭᠡᠷ ᠬᠡᠪ ᠤᠨ ᠰᠡᠷᠭᠡᠶᠢᠯᠡᠨ ᠡᠵᠡᠮᠳᠡᠬᠦ | ᠲᠥᠰᠦᠯ ᠢ ᠴᠢᠩᠭ᠎ᠠ ᠬᠡᠷᠡᠭᠵᠢᠭᠦᠯᠵᠦ᠂ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ | ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠡᠷᠡᠰ ᠨᠠᠶᠢᠳᠠᠪᠤᠷᠢᠵᠢᠭᠤᠯᠬᠤ ᠬᠡᠷᠡᠭᠲᠡᠶ᠃ ᠵᠠᠪᠠᠯ ᠢᠯᠠᠯᠲᠠ ᠤᠯᠬᠤ ᠢᠲᠡᠭᠡᠯ | ᠵᠣᠷᠢᠭ ᠢᠶᠠᠨ ᠪᠠᠲᠤᠳᠬᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠰᠢᠰᠲ᠋ᠧᠮ ᠤᠨ | ᠦᠵᠡᠯᠲᠡ ᠶᠢ ᠪᠠᠷᠢᠮᠲᠠᠯᠠᠵᠤ᠂ ᠴᠢᠭᠯᠡᠭᠦᠯᠬᠦ ᠴᠢᠨᠠᠷᠲᠠᠢ ᠠᠷᠭ᠎ᠠ ᠬᠡᠮᠵᠢᠶ᠎ᠡ ᠠᠪᠴᠤ᠂ ᠬᠥᠮᠦᠰ ᠢ ᠵᠢᠭᠰᠠᠭᠠᠨ ᠪᠠᠶᠢᠴᠠᠭᠠᠬᠤ | ᠂ ᠰᠢᠯᠵᠢᠭᠦᠯᠦᠨ ᠨᠡᠬᠡᠮᠵᠢᠯᠡᠬᠦ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠰᠢᠯᠵᠢᠭᠦᠯᠦᠨ ᠵᠦᠭᠡᠭᠡᠪᠦᠷᠢᠯᠡᠵᠦ | ᠲᠤᠰᠠᠭᠠᠷᠯᠠᠬᠤ ᠵᠡᠷᠭᠡ ᠭᠤᠭᠴᠤᠭ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠶᠤᠯ | ᠲᠦᠭᠰᠢᠭᠦᠷᠢ ᠶᠢᠨ ᠭᠡᠮ ᠰᠣᠭᠤᠭ ᠢ ᠠᠷᠢᠯᠭᠠᠵᠤ᠂ ᠠᠵᠢᠯ ᠤᠨ ᠳᠤᠲᠠᠭᠤᠳᠠᠯ ᠢ ᠠᠷᠢᠯᠭᠠᠬᠤ ᠬᠡᠷᠡᠭᠲᠡᠢ᠃ ᠬᠠᠷᠢᠭᠤ | ᠲᠤᠰᠬᠠᠵᠤ ᠴᠡᠭᠴᠡᠯᠡᠨ ᠰᠠᠶᠢᠵᠢᠷᠠᠭᠤᠯᠬᠤ ᠶᠢ ᠵᠠᠷᠯᠠᠨ ᠮᠡᠳᠡᠭᠳᠡᠬᠦ ᠲᠣᠭᠲᠠᠴᠠ ᠶᠢ ᠪᠠᠶᠢᠭᠤᠯᠵᠤ᠂ ᠬᠢᠨᠠᠨ | ᠵᠢᠯᠣᠭᠤᠳᠬᠤ ᠳᠤ ᠢᠯᠡᠷᠡᠭᠦᠯᠦᠭᠰᠡᠨ ᠠᠰᠠᠭᠤᠳᠠᠯ ᠳᠤ ᠠᠵᠢᠯ ᠤᠨ ᠡᠬᠡ ᠲᠠᠩᠰᠠ ᠪᠠᠶᠢᠭᠤᠯᠵᠤ᠂ ᠲᠡᠷᠡ ᠳᠠᠷᠤᠶ ᠳᠤᠨᠢ | ᠬᠠᠷᠢᠭᠤ ᠲᠤᠰᠬᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠠᠩᠬᠠᠷᠴᠤ᠂ ᠴᠢᠨᠠᠷ | ᠰᠠᠶᠢᠲᠠᠶ ᠥᠨᠳᠥᠷ ᠦᠷ᠎ᠡ ᠪᠦᠲᠦᠮᠵᠢ ᠲᠠᠢ ᠪᠠᠷ ᠪᠣᠳᠠᠲᠠᠶᠢᠵᠢᠭᠤᠯᠵᠤ᠂ ᠲᠦᠢᠯᠪᠤᠷᠢᠲᠠᠶ ᠥᠭᠡᠷᠡᠴᠢᠯᠡᠬᠦ ᠶᠢ ᠦᠨᠡᠨ ᠬᠦ | ᠪᠠᠲᠤᠯᠠᠬᠤ ᠬᠡᠷᠡᠭᠲᠡᠶ᠃ | ᠬᠤᠷᠠᠯ ᠳᠡᠭᠡᠷ᠎ᠡ᠂ ᠰᠦᠩᠱᠠᠨ ᠲᠣᠭᠤᠷᠢᠭ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠡᠶ᠃ | ᠣᠶᠢᠯᠠᠭᠠᠭᠰᠠᠨ ᠢᠶᠠᠷ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠲᠡᠭ ᠪᠣᠯᠭᠠᠬᠤ︾ ᠪᠡᠷᠬᠡ ᠰᠡᠳᠦᠪ ᠢ | ᠰᠢᠢᠳᠪᠦᠷᠢᠯᠡᠬᠦ ᠠᠵᠢᠯᠯᠠᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠲᠣᠭᠲᠠᠴᠠ ᠶᠢ ᠪᠠᠶᠢᠭᠤᠯᠬᠤ ᠪᠠᠷ | ᠲᠣᠭᠲᠠᠪᠠ᠃ ᠳᠠᠭᠠᠭᠠᠴᠢᠯᠠᠨ ᠬᠤᠯᠪᠤᠭᠠᠯᠠᠭᠰᠠᠨ ᠲᠢᠩᠬᠢᠮ ᠤᠨ ᠲᠠᠰ ᠤᠨ ᠤᠳᠤᠷᠢᠳᠤᠯᠭ᠎ᠠ ᠡᠯ᠎ᠡ ᠭᠠᠵᠠᠷ ᠣᠷᠣᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠡᠷᠲᠡ ᠰᠡᠷᠡᠮᠵᠢᠯᠡᠭᠦᠯᠬᠦ᠂ ᠡᠷᠲᠡ ᠢᠯᠡᠷᠡᠭᠦᠯᠬᠦ᠂ ᠡᠷᠲᠡ ᠵᠢᠭᠰᠠᠭᠠᠨ | ᠪᠠᠶᠢᠴᠠᠭᠠᠬᠤ᠂ ᠡᠷᠲᠡ ᠰᠢᠢᠳᠪᠦᠷᠢᠯᠡᠬᠦ᠂ ᠨᠠᠷᠢᠯᠢᠭ ᠣᠨᠣᠴᠢᠲᠠᠶ ᠪᠠᠷ ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ᠂ ᠰᠡᠷᠭᠡᠶᠢᠯᠡᠨ ᠵᠠᠰᠠᠵᠤ ᠠᠪᠤᠷᠠᠨ ᠵᠠᠰᠠᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ | ᠠᠷᠭᠠᠴᠠᠬᠤ︾ 6 ᠵᠦᠢᠯ ᠤᠨ ᠴᠢᠳᠠᠪᠤᠷᠢ ᠶᠢᠨ ᠪᠠᠶᠢᠭᠤᠯᠤᠯᠲᠠ ᠶᠢᠨ ᠲᠣᠭᠤᠷᠢᠨ ᠳᠤ᠂ ᠠᠵᠢᠯ ᠤᠨ ᠬᠤᠪᠢᠶᠠᠷᠢᠯᠠᠯ ᠤᠨ | ᠲᠣᠬᠢᠷᠠᠭᠤᠯᠤᠯᠲᠠ ᠶᠣᠰᠣᠭᠠᠷ ᠬᠤᠯᠪᠣᠭᠳᠠᠯ ᠪᠥᠬᠦᠶ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ︽ᠲᠡᠭ ᠪᠣᠯᠭᠠᠬᠤ︾ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠳᠠᠭᠠᠭᠠᠴᠢᠯᠠᠨ ᠬᠤᠯᠪᠣᠭᠠᠯᠠᠵᠤ ᠬᠢᠨᠠᠨ ᠵᠢᠯᠣᠭᠤᠳᠬᠤ ᠶᠢ ᠬᠠᠷᠢᠭᠤᠴᠠᠨ᠎ᠠ᠃ |