ᠰᠦᠩᠱᠠᠨ ᠲᠣᠭᠤᠷᠢᠭ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ᠂ ᠲᠣᠬᠢᠷᠠᠭᠤᠯᠤᠨ ᠬᠦᠷᠭᠡᠬᠦ ᠰᠠᠭᠠᠳ ᠦᠭᠡᠢ ᠨᠡᠪᠲᠡᠷᠡᠨ᠎ᠡ
ᠨᠡᠶᠢᠲᠡᠯᠡᠭᠰᠡᠨ ᠴᠠᠭ᠄
2022/11/25
      ᠣᠶᠢᠷ᠎ᠠ ᠶᠢᠨ ᠡᠳᠦᠷ ᠤᠳ ᠲᠤ᠂ ᠰᠦᠩᠱᠠᠨ ᠲᠣᠭᠤᠷᠢᠭ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ᠂ ᠳᠣᠭᠢᠷᠠᠭᠤᠯᠤᠨ ᠬᠦᠷᠭᠡᠬᠦ ᠶᠢᠨ ᠰᠠᠭᠠᠳ ᠥᠬᠡᠶ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃      ᠰᠦᠩᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠡᠳᠦᠷ ᠪᠦᠷᠢ ᠬᠤᠲᠠ ᠶᠢᠨ ᠲᠣᠭᠤᠷᠢᠭ ᠤᠨ 8 ᠲᠣᠮᠣ ᠬᠡᠯᠪᠡᠷᠢ ᠶᠢᠨ ᠬᠡᠲᠦ ᠳᠡᠯᠭᠡᠭᠦᠷ ᠪᠣᠯᠤᠨ ᠢᠦᠶ ᠷᠦᠨ ᠵᠠᠬ᠎ᠠ ᠳᠡᠯᠭᠡᠭᠦᠷ ᠤᠨ ᠪᠠᠷᠠᠭ᠎ᠠ ᠪᠡᠯᠡᠳᠬᠡᠭᠰᠡᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠬᠤᠯᠪᠣᠭᠳᠠᠯ ᠪᠥᠬᠦᠶ ᠠᠵᠤ ᠠᠬᠤᠶᠢᠯᠠᠯ ᠢ ᠢᠳᠡᠪᠬᠢᠲᠡᠶ ᠵᠣᠬᠢᠶᠠᠨ ᠪᠠᠶᠢᠭᠤᠯᠵᠤ ᠪᠠᠶᠢᠭᠠᠳ ᠬᠤᠲᠠ ᠶᠢᠨ ᠭᠠᠳᠠᠨᠠᠬᠢ ᠪᠠᠷᠠᠭᠠᠨ ᠤ ᠢᠷᠡᠯᠲᠡ ᠶᠢ ᠴᠠᠭ ᠲᠤᠬᠠᠶ ᠳᠤᠨᠢ ᠥᠷᠭᠡᠳᠬᠡᠨ ᠂ ᠬᠥᠮᠥᠷᠭᠡ ᠶᠢᠨ ᠬᠠᠳᠠᠭᠠᠯᠠᠮᠵᠢ ᠶᠢ ᠳᠦᠭᠦᠷᠭᠡᠵᠦ᠂ ᠡᠳ᠋ ᠪᠣᠳᠠᠰ ᠤᠨ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠵᠤ ᠳᠡᠶᠢᠯᠬᠦ ᠶᠢ ᠦᠨᠡᠨ ᠬᠦ ᠪᠠᠲᠤᠯᠠᠨ᠎ᠠ᠃      ᠰᠦᠩᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠠᠰᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠦᠨ᠎ᠡ ᠬᠠᠩᠰᠢ ᠶᠢᠨ ᠬᠤᠪᠢᠷᠠᠯᠲᠠ ᠶᠢᠨ ᠪᠠᠶᠢᠳᠠᠯ ᠢ ᠡᠳᠦᠷ ᠪᠦᠷᠢ ᠬᠢᠨᠠᠨ ᠬᠡᠮᠵᠢᠨ᠎ᠡ᠃ ᠣᠳᠣᠬᠠᠨ ᠳᠤ᠂ ᠪᠥᠭᠡᠷᠡᠩᠬᠡᠶ ᠬᠠᠰᠢ ᠶᠢᠨ ᠵᠢᠵᠢᠭᠯᠡᠨ ᠬᠤᠳᠠᠯᠳᠤᠬᠤ ᠦᠨ᠎ᠡ ᠵᠢᠴᠢ ᠪᠥᠭᠡᠮ ᠢᠶᠠᠷ ᠬᠤᠳᠠᠯᠳᠤᠬᠤ ᠦᠨ᠎ᠡ ᠶᠢᠨ ᠥᠰᠥᠯᠲᠡ ᠶᠢᠨ ᠬᠡᠮᠵᠢᠶ᠎ᠡ ᠢᠯᠡᠳᠲᠡ ᠪᠠᠶᠢᠵᠤ᠂ ᠴᠤᠭᠤᠷ ᠨᠣᠭᠤᠭ᠎ᠠ᠂ ᠲᠥᠮᠥᠰᠥ᠂ ᠬᠤᠯᠤᠤᠪᠠᠩ᠂ ᠥᠷᠭᠡᠰᠦᠲᠦ ᠬᠡᠮᠬᠡ ᠶᠢᠨ ᠵᠢᠵᠢᠭᠯᠡᠨ ᠬᠤᠳᠠᠯᠳᠤᠬᠤ ᠦᠨ᠎ᠡ ᠪᠠᠭ᠎ᠠ ᠬᠡᠮᠵᠢᠶ᠎ᠡ ᠪᠠᠷ ᠨᠡᠮᠡᠭᠳᠡᠵᠦ᠂ ᠥᠨᠳᠡᠭᠡᠨ ᠤ ᠵᠦᠢᠯ᠂ ᠴᠠᠭᠠᠨ ᠨᠣᠭᠤᠭ᠎ᠠ᠂ ᠪᠥᠭᠡᠷᠡᠩᠬᠡᠶ ᠰᠣᠩᠭᠢᠨ᠎ᠠ᠂ ᠲᠥᠪᠡᠳ ᠬᠠᠰᠢ ᠶᠢᠨ ᠵᠢᠵᠢᠭᠯᠡᠨ ᠬᠤᠳᠠᠯᠳᠤᠬᠤ ᠦᠨ᠎ᠡ ᠵᠢᠭᠠᠬᠠᠨ ᠪᠠᠭᠤᠷᠠᠵᠤ ᠂ ᠪᠤᠰᠤᠳ ᠲᠥᠷᠥᠯ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ  ᠵᠦᠢᠯ ᠤᠨ ᠦᠨ᠎ᠡ ᠨᠡᠯᠢᠶᠡᠳ ᠲᠣᠭᠲᠠᠪᠤᠷᠢᠲᠠᠶ ᠪᠠᠶᠢᠨ᠎ᠠ᠃      ᠡᠭᠦᠨ ᠠᠴᠠ ᠭᠠᠳᠠᠨ᠎ᠠ᠂ ᠰᠦᠩᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠬᠠᠩᠭᠠᠯᠭ᠎ᠠ ᠶᠢ ᠪᠠᠲᠤᠯᠠᠬᠤ ᠲᠣᠮᠣ ᠬᠡᠯᠪᠡᠷᠢ ᠶᠢᠨ ᠬᠡᠲᠦ ᠳᠡᠯᠭᠡᠭᠦᠷ ᠪᠣᠯᠤᠨ ᠵᠠᠬᠢᠶᠠᠯᠠᠭ᠎ᠠ ᠶᠢᠨ ᠬᠤᠭᠤᠯᠠᠨ ᠤ ᠠᠵᠤ ᠠᠬᠤᠶᠢᠯᠠᠯ ᠳᠤ 1700 ᠭᠠᠷᠤᠶ ᠡᠯᠧᠺᠲᠷᠣᠨ ᠨᠡᠪᠲᠡᠷᠡᠬᠦ ᠦᠨᠡᠮᠯᠡᠯ ᠣᠯᠭᠤᠵᠤ᠂ ᠡᠳ᠋ ᠪᠣᠳᠠᠰ ᠳᠣᠭᠢᠷᠠᠭᠤᠯᠤᠨ ᠬᠦᠷᠭᠡᠬᠦ ᠵᠠᠮ ᠤᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠪᠠ᠃ ᠡᠯ᠎ᠡ ᠲᠣᠮᠣ ᠬᠡᠲᠦ ᠳᠡᠯᠭᠡᠭᠦᠷ ᠥᠪᠡᠷᠲᠡᠭᠡᠨ ᠲᠣᠬᠢᠷᠠᠭᠤᠯᠤᠨ ᠬᠦᠷᠭᠡᠬᠦ ᠬᠥᠮᠦᠨ ᠨᠡᠮᠡᠨ ᠲᠣᠮᠢᠯᠠᠵᠤ᠂ ᠪᠠᠷᠠᠭ᠎ᠠ ᠶᠢ ᠴᠠᠭ ᠲᠤᠬᠠᠶ ᠳᠤᠨᠢ ᠬᠦᠷᠭᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ᠃ 11 ᠰᠠᠷ᠎ᠠ ᠶᠢᠨ 23 ᠤ ᠡᠳᠦᠷ ᠠᠴᠠ ᠣᠲᠣ ᠪᠣᠯᠲᠠᠯ᠎ᠠ᠂ 8 ᠲᠣᠮᠣ ᠬᠡᠯᠪᠡᠷᠢ ᠶᠢᠨ ᠬᠡᠲᠦ ᠳᠡᠯᠭᠡᠭᠦᠷ ᠤᠨ ᠰᠦᠯᠵᠢᠶᠡᠨ ᠳᠡᠭᠡᠷᠡᠬᠢ ᠵᠠᠬᠢᠶᠠᠯᠠᠭ᠎ᠠ ᠶᠢᠨ ᠪᠥᠬᠦ ᠲᠤᠭ᠎ᠠ 3800 ᠭᠠᠷᠤᠶ ᠬᠠᠭᠤᠳᠠᠰᠤ ᠳᠤ ᠬᠦᠷᠴᠡᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号