ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠢ ᠦᠨᠳᠦᠰᠦᠯᠡᠨ᠂ ᠰᠢᠨᠵᠢᠯᠡᠬᠦ | ᠤᠬᠠᠭᠠᠨᠴᠢ᠂ ᠨᠠᠷᠢᠯᠢᠭ ᠣᠨᠣᠴᠠᠲᠠᠶ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢᠨ ᠲᠤᠰᠠᠳᠠ᠂ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ | ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪ︶︾ ᠪᠠ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ | ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠰᠠᠶᠢᠲᠤᠷ ᠬᠢᠬᠦ ᠲᠤᠬᠠᠶ ᠮᠡᠳᠡᠭᠳᠡᠯ | ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠰᠤᠳᠤᠯᠤᠨ | ᠮᠠᠭᠠᠳᠯᠠᠭᠰᠠᠨ ᠢᠶᠠᠷ᠂ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠳᠣᠤᠷᠠᠬᠢ ᠣᠷᠣᠨ ᠪᠦᠰᠡ ᠶᠢᠨ ᠲᠦᠭᠰᠢᠭᠦᠷᠢ ᠶᠢᠨ | ᠲᠠᠰ ᠲᠤ ᠲᠣᠬᠢᠷᠠᠭᠤᠯᠤᠯᠲᠠ ᠬᠢᠬᠦ ᠪᠠᠷ ᠲᠣᠭᠲᠠᠪᠠ᠄ | ᠨᠢᠭᠡ᠂ ᠰᠢᠨ᠎ᠡ ᠪᠠᠷ ᠨᠡᠮᠡᠭᠳᠡᠭᠰᠡᠨ ᠦᠨᠳᠦᠷ ᠲᠦᠭᠰᠢᠭᠦᠷᠢᠲᠦ ᠣᠷᠣᠨ᠄ | 1.ᠬᠢᠩᠭᠠᠨ ᠵᠡᠭᠡᠯᠢ ᠭᠤᠳᠤᠮᠵᠢ ᠶᠢᠨ ᠬᠤᠸᠠ ᠢᠦᠢ ᠴᠧᠩ ᠨᠡᠶᠢᠭᠡᠮ ᠲᠣᠭᠤᠷᠢᠭ ᠤᠨ ᠯᠦᠩ ᠹᠦ᠋ ᠵᠢᠶᠦ᠋ᠨ | ᠪᠠᠭ᠎ᠠ ᠲᠣᠭᠤᠷᠢᠭ ᠤᠨ 1 ᠳ᠋ᠦ᠋ᠭᠡᠷ ᠨᠣᠮᠧᠷᠲᠤ ᠠᠰᠠᠷ | 2.ᠬᠢᠩᠭᠠᠨ ᠵᠡᠭᠡᠯᠢ ᠭᠤᠳᠤᠮᠵᠢ ᠶᠢᠨ ᠬᠤᠸᠠ ᠢᠦᠢ ᠴᠧᠩ ᠨᠡᠶᠢᠭᠡᠮ ᠲᠣᠭᠤᠷᠢᠭ ᠤᠨ ᠯᠦᠩ ᠹᠦ᠋ ᠵᠢᠶᠦ᠋ᠨ | ᠪᠠᠭ᠎ᠠ ᠲᠣᠭᠤᠷᠢᠭ ᠤᠨ 2 ᠳ᠋ᠤᠭᠠᠷ ᠨᠣᠮᠧᠷᠲᠤ ᠠᠰᠠᠷ | 3.ᠰᠢᠶᠠᠩ ᠶᠠᠩ ᠵᠡᠭᠡᠯᠢ ᠭᠤᠳᠤᠮᠵᠢ ᠶᠢᠨ ᠯᠢᠨ ᠾᠧ ᠵᠡᠭᠦᠨ ᠨᠡᠶᠢᠭᠡᠮ ᠲᠣᠭᠤᠷᠢᠭ ᠤᠨ ᠯᠢᠨ ᠾᠧ ᠪᠠᠭ᠎ᠠ | ᠲᠣᠭᠤᠷᠢᠭ ᠤᠨ 6 ᠳ᠋ᠤᠭᠠᠷ ᠨᠣᠮᠧᠷᠲᠤ ᠠᠰᠠᠷ | 4.ᠲᠢᠶᠧ ᠳ᠋ᠦᠩ ᠵᠡᠭᠡᠯᠢ ᠭᠤᠳᠤᠮᠵᠢ ᠶᠢᠨ ᠹᠦ᠋ ᠱᠠᠨ ᠵᠢᠶᠠ ᠶᠤᠸᠠᠨ ᠨᠡᠶᠢᠭᠡᠮ ᠲᠣᠭᠤᠷᠢᠭ ᠤᠨ ᠵᠦᠩ ᠲᠠᠩ | ᠹᠦ᠋ ᠱᠠᠨ ᠵᠢᠶᠠ ᠶᠤᠸᠠᠨ A8 ᠳ᠋ᠤᠭᠠᠷ ᠠᠰᠠᠷ ᠤᠨ 2 ᠳ᠋ᠤᠭᠠᠷ ᠤᠷᠤᠴᠠ | 5.ᠰᠢᠶᠠᠩ ᠶᠠᠩ ᠵᠡᠭᠡᠯᠢ ᠭᠤᠳᠤᠮᠵᠢ ᠶᠢᠨ ᠮᠦ ᠭᠧ ᠨᠡᠶᠢᠭᠡᠮ ᠲᠣᠭᠤᠷᠢᠭ ᠤᠨ ᠰᠦᠩ ᠵᠧᠦ ᠮᠢᠩ ᠵᠦ ᠪᠠᠭ᠎ᠠ | ᠲᠣᠭᠤᠷᠢᠭ ᠤᠨ 13 ᠳ᠋ᠤᠭᠠᠷ ᠨᠣᠮᠧᠷᠲᠤ ᠠᠰᠠᠷ ᠤᠨ 2 ᠳ᠋ᠤᠭᠠᠷ ᠤᠷᠤᠴᠠ | 6.ᠴᠢᠤᠸᠠᠨ ᠨᠢᠩ ᠵᠡᠭᠡᠯᠢ ᠭᠤᠳᠤᠮᠵᠢ ᠶᠢᠨ ᠶᠠᠨ ᠱᠠᠨ ᠵᠡᠭᠡᠯᠢ ᠭᠤᠳᠤᠮᠵᠢ ᠶᠢᠨ ᠶᠠᠨ ᠱᠠᠨ ᠹᠦ᠋ ᠳ᠋ᠢ A | ᠲᠣᠭᠤᠷᠢᠭ ᠤᠨ 2 ᠳ᠋ᠤᠭᠠᠷ ᠨᠣᠮᠧᠷᠲᠤ ᠠᠰᠠᠷ | 7.ᠰᠢᠶᠠᠩ ᠶᠠᠩ ᠵᠡᠭᠡᠯᠢ ᠭᠤᠳᠤᠮᠵᠢ ᠶᠢᠨ ᠯᠦᠩ ᠲᠢᠩ ᠵᠢᠶᠠ ᠶᠤᠸᠠᠨ ᠨᠡᠶᠢᠭᠡᠮ ᠲᠣᠭᠤᠷᠢᠭ ᠤᠨ ᠶᠢᠨ ᠱᠠᠨ | ᠯᠢ ᠬᠤᠳᠠᠯᠳᠤᠭᠠᠨ ᠤ ᠶᠠᠪᠤᠳᠠᠯ ᠤᠨ ᠲᠥᠪ ᠤᠨ 1 ᠳ᠋ᠦ᠋ᠭᠡᠷ ᠨᠣᠮᠧᠷᠲᠤ ᠠᠰᠠᠷ | ᠬᠤᠶᠠᠷ᠂ ᠳᠣᠣᠷ᠎ᠠ ᠲᠦᠭᠰᠢᠭᠦᠷᠢᠲᠦ ᠣᠷᠣᠨ ᠪᠣᠯᠭᠠᠨ ᠪᠠᠭᠤᠷᠠᠭᠤᠯᠬᠤ | ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠤᠲᠠ ᠶᠢᠨ ᠲᠢᠶᠠᠨ ᠹᠦ᠋ ᠬᠡᠷ | ᠣᠷᠣᠨ ᠤ ᠪᠠᠭ᠎ᠠ ᠲᠣᠭᠤᠷᠢᠭ ᠤᠨ 6 ᠳ᠋ᠤᠭᠠᠷ ᠨᠣᠮᠧᠷᠲᠤ ᠠᠰᠠᠷ | ᠥᠷᠭᠡᠨ ᠤᠯᠠᠨ ᠰᠠᠭᠤᠭᠠᠯᠢ ᠠᠷᠠᠳ ᠠᠯᠪᠠᠨ ᠤ ᠲᠠᠯ᠎ᠠ ᠶᠢᠨ ᠨᠡᠶᠢᠲᠡᠯᠡᠭᠰᠡᠨ ᠡᠷᠬᠡ ᠰᠦᠷᠲᠦ ᠮᠡᠳᠡᠭᠡ | ᠵᠠᠩᠭᠢ ᠶᠢ ᠨᠢᠭᠲᠠ ᠠᠩᠬᠠᠷᠴᠤ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ | ᠲᠠᠷᠬᠠᠭᠠᠬᠤ ᠦᠭᠡᠢ ᠪᠠᠶᠢᠬᠤ ᠶᠢ ᠬᠦᠰᠡᠵᠦ ᠪᠠᠶᠢᠨ᠎ᠠ᠃ ᠥᠪᠡᠷ ᠢ ᠪᠠᠨ ︽ᠡᠷᠡᠭᠦᠯ ᠮᠡᠨᠳᠦ ᠶᠢᠨ ᠨᠢᠭᠡᠳᠦᠭᠡᠷ | ᠬᠠᠷᠢᠭᠤᠴᠠᠯᠭᠠᠲᠠᠨ︾ ᠭᠡᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠬᠤᠪᠢ ᠬᠥᠮᠦᠨ ᠤ ᠰᠡᠷᠭᠡᠶᠢᠯᠡᠨ | ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ᠭᠠᠷ ᠢᠶᠠᠨ | ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠪᠥᠭᠡᠮᠨᠡᠷᠡᠬᠦ ᠥᠬᠡᠶ ᠪᠠᠶᠢᠬᠤ ᠶᠢ ᠪᠠᠷᠢᠮᠲᠠᠯᠠᠵᠤ᠂ | ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠰᠠᠶᠢᠲᠤᠷ ᠬᠢᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ | ᠬᠡᠷᠡᠭᠲᠡᠶ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ | 2022 ᠣᠨ ᠤ 11 ᠰᠠᠷ᠎ᠠ ᠶᠢᠨ 24 ᠤᠡᠳᠦᠷ |