ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠢ ᠦᠨᠳᠦᠰᠦᠯᠡᠨ᠂ ᠰᠢᠨᠵᠢᠯᠡᠬᠦ | ᠤᠬᠠᠭᠠᠨᠴᠢ᠂ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢᠨ ᠲᠥᠯᠥᠭᠡ᠂ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ | ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪ︶︾ ᠪᠠ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ | ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠰᠠᠶᠢᠲᠤᠷ ᠬᠢᠬᠦ ᠲᠤᠬᠠᠶ ᠮᠡᠳᠡᠭᠳᠡᠯ︾ | ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠰᠤᠳᠤᠯᠤᠨ | ᠮᠠᠭᠠᠳᠯᠠᠭᠰᠠᠨ ᠢᠶᠠᠷ᠂ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠳᠣᠤᠷᠠᠬᠢ ᠣᠷᠣᠨ ᠪᠦᠰᠡ ᠶᠢ ᠦᠨᠳᠦᠷ | ᠲᠦᠭᠰᠢᠭᠦᠷᠢᠲᠦ ᠣᠷᠣᠨ ᠪᠣᠯᠭᠠᠨ ᠵᠠᠭᠠᠭᠯᠠᠨ ᠲᠣᠭᠲᠠᠭᠠᠬᠤ ᠪᠠᠷ ᠲᠣᠭᠲᠠᠪᠠ᠄ | 1.ᠬᠢᠩᠭᠠᠨ ᠵᠡᠭᠡᠯᠢ ᠭᠤᠳᠤᠮᠵᠢ ᠶᠢᠨ ᠪᠦᠸᠧ ᠶᠤᠸᠠᠢ ᠶᠤᠸᠠᠨ ᠨᠡᠶᠢᠭᠡᠮ ᠲᠣᠭᠤᠷᠢᠭ ᠤᠨ ᠵᠥᠩ ᠯᠢᠶᠠᠩ ᠱᠸᠤ | ᠹᠦ᠋ ᠨᠢᠭᠡᠳᠦᠭᠡᠷ ᠨᠣᠮᠧᠷᠲᠤ ᠪᠠᠭ᠎ᠠ ᠲᠣᠭᠤᠷᠢᠭ ᠤᠨ 12 ᠳ᠋ᠤᠭᠠᠷ ᠨᠣᠮᠧᠷᠲᠤ ᠠᠰᠠᠷ ᠤᠨ 2 ᠳ᠋ᠤᠭᠠᠷ ᠤᠷᠤᠴᠠ | 2.ᠬᠢᠩᠭᠠᠨ ᠵᠡᠭᠡᠯᠢ ᠭᠤᠳᠤᠮᠵᠢ ᠶᠢᠨ ᠶᠤᠸᠠᠢ ᠬᠠᠶ ᠨᠡᠶᠢᠭᠡᠮ ᠲᠣᠭᠤᠷᠢᠭ ᠤᠨ ᠵᠢᠶᠦ᠋ᠨ ᠴᠧᠩ ᠶᠡᠭᠡ ᠠᠰᠠᠷ ᠤᠨ | ᠪᠠᠭ᠎ᠠ ᠲᠣᠭᠤᠷᠢᠭ ᠤᠨ 28 ᠳ᠋ᠤᠭᠠᠷ ᠨᠣᠮᠧᠷᠲᠤ ᠠᠰᠠᠷ ᠤᠨ 2 ᠳ᠋ᠤᠭᠠᠷ ᠤᠷᠤᠴᠠ | 3.ᠬᠢᠩᠭᠠᠨ ᠵᠡᠭᠡᠯᠢ ᠭᠤᠳᠤᠮᠵᠢ ᠶᠢᠨ ᠪᠸᠢ ᠴᠧᠨ ᠨᠡᠶᠢᠭᠡᠮ ᠲᠣᠭᠤᠷᠢᠭ ᠤᠨ ᠪᠸᠢ ᠴᠧᠨ ᠪᠠᠭ᠎ᠠ ᠲᠣᠭᠤᠷᠢᠭ ᠤᠨ | 1 ᠳ᠋ᠦ᠋ᠭᠡᠷ ᠨᠣᠮᠧᠷᠲᠤ ᠠᠰᠠᠷ | 4. ᠬᠠᠰ ᠯᠤᠤ ᠵᠡᠭᠡᠯᠢ ᠭᠤᠳᠤᠮᠵᠢ ᠶᠢᠨ ᠡᠦ ᠵᠢᠶᠠ ᠸᠠᠨ ᠵᠢᠩ ᠨᠡᠶᠢᠭᠡᠮ ᠲᠣᠭᠤᠷᠢᠭ ᠤᠨ ᠡᠦ ᠵᠢᠶᠠ ᠸᠠᠨ | ᠵᠢᠩ ᠪᠠᠭ᠎ᠠ ᠲᠣᠭᠤᠷᠢᠭ ᠤᠨ 4 ᠳ᠋ᠦ᠋ᠭᠡᠷ ᠨᠣᠮᠧᠷᠲᠤ ᠠᠰᠠᠷ ᠤᠨ 1 ᠳ᠋ᠦ᠋ᠭᠡᠷ ᠣᠷᠤᠴᠠ | ᠥᠷᠭᠡᠨ ᠤᠯᠠᠨ ᠰᠠᠭᠤᠭᠠᠯᠢ ᠠᠷᠠᠳ ᠠᠯᠪᠠᠨ ᠤ ᠲᠠᠯ᠎ᠠ ᠶᠢᠨ ᠨᠡᠶᠢᠲᠡᠯᠡᠭᠰᠡᠨ ᠡᠷᠬᠡ ᠰᠦᠷᠲᠦ ᠮᠡᠳᠡᠭᠡ | ᠵᠠᠩᠭᠢ ᠶᠢ ᠨᠢᠭᠲᠠ ᠠᠩᠬᠠᠷᠴᠤ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ | ᠲᠠᠷᠬᠠᠭᠠᠬᠤ ᠦᠭᠡᠢ ᠪᠠᠶᠢᠬᠤ ᠶᠢ ᠬᠦᠰᠡᠵᠦ ᠪᠠᠶᠢᠨ᠎ᠠ᠃ ᠥᠪᠡᠷ ᠢ ᠪᠠᠨ ︽ᠡᠷᠡᠭᠦᠯ ᠮᠡᠨᠳᠦ ᠶᠢᠨ ᠨᠢᠭᠡᠳᠦᠭᠡᠷ | ᠬᠠᠷᠢᠭᠤᠴᠠᠯᠭᠠᠲᠠᠨ︾ ᠭᠡᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠬᠤᠪᠢ ᠬᠥᠮᠦᠨ ᠤ ᠰᠡᠷᠭᠡᠶᠢᠯᠡᠨ | ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ᠭᠠᠷ ᠢᠶᠠᠨ | ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠪᠥᠭᠡᠮᠨᠡᠷᠡᠬᠦ ᠥᠬᠡᠶ ᠪᠠᠶᠢᠬᠤ ᠶᠢ ᠪᠠᠷᠢᠮᠲᠠᠯᠠᠵᠤ᠂ | ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠰᠠᠶᠢᠲᠤᠷ ᠬᠢᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ | ᠬᠡᠷᠡᠭᠲᠡᠶ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ | 2022 ᠣᠨ ᠤ 11 ᠰᠠᠷ᠎ᠠ ᠶᠢᠨ 25 ᠤ ᠡᠳᠦᠷ |