ᠤᠯᠠᠭᠠᠨᠬᠠᠳᠠ ᠶᠢᠨ ᠢᠦᠢ ᠷᠦᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠪᠥᠭᠡᠮ ᠢᠶᠠᠷ | ᠬᠤᠳᠠᠯᠳᠤᠬᠤ ᠵᠠᠬ᠎ᠠ ᠳᠡᠯᠭᠡᠭᠦᠷ ᠨᠢ ᠭᠤᠣᠯ ᠬᠤᠳᠠ ᠶᠢᠨ ᠲᠣᠭᠤᠷᠢᠭ ᠤᠨ ᠬᠤᠶᠢᠲᠤ ᠬᠡᠰᠡᠭ ᠲᠤ ᠪᠠᠶᠢᠷᠢᠯᠠᠵᠤ᠂ | ᠲᠤᠬᠠᠶᠢᠯᠠᠭᠰᠠᠨ ᠠᠵᠢᠯ ᠨᠢ 12 ᠬᠤᠰᠢᠭᠤ ᠰᠢᠶᠠᠨ ᠲᠣᠭᠤᠷᠢᠭ ᠢ ᠪᠦᠷᠬᠦᠵᠦ᠂ ᠡᠳᠦᠷ ᠳᠤᠮᠳᠠᠴᠢ ᠶᠢᠨ | ᠠᠷᠠᠯᠵᠢᠶᠠᠨ ᠤ ᠬᠡᠮᠵᠢᠶ᠎ᠡ ᠨᠢ 1600 ᠲᠣᠨ ᠪᠠᠶᠢᠵᠤ᠂ ᠤᠯᠠᠭᠠᠨᠬᠠᠳᠠ ᠬᠤᠳᠠ ᠶᠢᠨ ᠲᠠᠷᠢᠶᠠᠯᠠᠩ ᠲᠤᠰᠠᠯᠠᠬᠤ ᠠᠵᠤ | ᠠᠬᠤᠢ ᠶᠢᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠬᠠᠮᠤᠭ ᠤᠨ ᠲᠤᠮᠤ ᠭᠠᠵᠠᠷ ᠪᠤᠯᠵᠤ᠂ ᠲᠦᠭ ᠲᠦᠮᠡᠨ | ᠡᠷᠤᠭᠡ ᠶᠢᠨ ᠢᠳᠡᠰᠢᠨ ᠨᠣᠭᠤᠭ᠎ᠠ ᠶᠢᠨ ᠬᠠᠩᠭᠠᠯᠭ᠎ᠠ ᠳᠤ ᠬᠤᠯᠪᠤᠭᠳᠠᠳᠠᠭ᠃ ᠰᠦᠩᠱᠠᠨ ᠲᠣᠭᠤᠷᠢᠭ ᠤᠨ ᠨᠠᠮ ᠤᠨ | ᠬᠤᠷᠢᠶ᠎ᠠ ᠵᠠᠰᠠᠭ ᠤᠨ ᠣᠷᠳᠣᠨ ᠢᠦᠶ ᠷᠦᠨ ᠤ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠪᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠶᠠᠷ ᠲᠠᠯ᠎ᠠ ᠪᠠᠷ ᠠᠳᠬᠤᠬᠤ ᠶᠢ ᠪᠠᠷᠢᠮᠲᠠᠯᠠᠨ᠂ ᠴᠢᠩᠭ᠎ᠠ ᠠᠳᠬᠤᠨ | ᠴᠢᠩᠭ᠎ᠠ ᠬᠠᠮᠢᠶᠠᠷᠴᠤ᠂ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ᠂ ᠰᠦᠯᠵᠢᠶᠡᠵᠢᠭᠦᠯᠦᠨ ᠬᠠᠮᠢᠶᠠᠷᠬᠤ᠂ | ᠥᠯᠥ ᠬᠦᠷᠦᠯᠴᠡᠬᠦ ᠬᠡᠯᠪᠡᠷᠢ ᠪᠠᠷ ᠳᠣᠭᠢᠷᠠᠭᠤᠯᠤᠨ ᠬᠦᠷᠭᠡᠬᠦ ᠵᠡᠷᠭᠡ ᠠᠯᠢ ᠣᠯᠠᠨ ᠠᠷᠭ᠎ᠠ ᠬᠡᠮᠵᠢᠶ᠎ᠡ ᠶᠢ ᠰᠢᠨ᠎ᠡ ᠪᠠᠷ | ᠡᠭᠦᠳᠦᠨ ᠬᠡᠷᠡᠭᠵᠢᠭᠦᠯᠦᠭᠰᠡᠭᠡᠷ ᠢᠷᠡᠵᠡᠶ᠃ ᠨᠠᠷᠢᠨ ᠪᠤᠳᠤᠯᠢᠶᠠᠨᠲᠠᠶ ᠬᠤᠪᠢᠷᠠᠯᠲᠠ ᠶᠡᠬᠡᠲᠡᠶ ᠬᠢᠵᠢᠭ ᠤᠨ ᠪᠠᠶᠢᠳᠠᠯ ᠤᠨ | ᠡᠮᠦᠨ᠎ᠡ᠂ ᠪᠦᠬᠦ ᠬᠤᠲᠠ ᠶᠢᠨ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ | ᠲᠦᠪᠰᠢᠨ ᠢ ᠤᠯᠠᠮ ᠨᠢᠭᠡ ᠠᠯᠬᠤᠮ ᠬᠠᠮᠠᠭᠠᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠶᠤᠯᠭᠦᠶ | ᠦᠢᠯᠡᠳᠪᠦᠷᠢᠯᠡᠯ ᠤᠨ ᠡᠵᠡᠩᠨᠡᠯᠲᠡ ᠶᠢ ᠪᠠᠲᠤᠯᠠᠬᠤ ᠶᠢᠨ ᠲᠦᠯᠦᠭᠡ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠪᠤᠰᠤᠳ ᠭᠠᠵᠠᠷ ᠣᠷᠣᠨ ᠤ ᠲᠡᠷᠢᠭᠦᠨ ᠤ | ᠲᠤᠷᠰᠢᠯᠭ᠎ᠠ ᠠᠷᠭ᠎ᠠ ᠬᠢᠳᠡᠯ ᠢᠶᠠᠷ ᠲᠣᠯᠢ ᠪᠣᠯᠭᠠᠵᠤ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ | ᠣᠷᠳᠣᠨ ᠡᠳ᠋ ᠪᠣᠳᠠᠰ ᠳᠣᠭᠢᠷᠠᠭᠤᠯᠤᠨ ᠬᠦᠷᠭᠡᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ︽ᠡᠳ᠋ | ᠪᠠᠷᠠᠭᠠᠨ ᠤ ᠵᠠᠪᠰᠠᠷ ᠤᠨ ᠣᠷᠣᠨ︾ ᠢ ᠰᠢᠨ᠎ᠡ ᠪᠠᠷ ᠪᠠᠶᠢᠭᠤᠯᠵᠤ᠂ ︽ᠢᠦᠶ ᠷᠦᠨ ᠵᠠᠬ᠎ᠠ ᠳᠡᠯᠭᠡᠭᠦᠷ — | ᠵᠠᠪᠰᠠᠷ ᠤᠨ ᠣᠷᠣᠨ — ᠵᠠᠬ᠎ᠠ ᠳᠡᠯᠭᠡᠭᠦᠷ ᠤᠨ ᠭᠤᠤᠯ ᠴᠣᠭᠴᠠ︾ ᠶᠢᠨ ᠪᠢᠲᠡᠭᠦᠦ ᠴᠠᠭᠠᠷᠢᠭ ᠤᠨ ᠵᠠᠮ ᠢ ᠪᠣᠶ | ᠪᠣᠯᠭᠠᠵᠤ᠂ ᠥᠯᠥ ᠬᠦᠷᠦᠯᠴᠡᠬᠦ ᠬᠡᠯᠪᠡᠷᠢ ᠶᠢᠨ ᠳᠣᠭᠢᠷᠠᠭᠤᠯᠤᠨ ᠬᠦᠷᠭᠡᠬᠦ ᠶᠢ ᠦᠨᠡᠨ ᠬᠦ ᠪᠡᠶᠡᠯᠡᠭᠦᠯᠪᠡ᠃ | ᠪᠣᠷᠣᠯᠠᠭᠤᠯᠭ᠎ᠠ ᠶᠢᠨ ᠭᠤᠭᠴᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠵᠠᠬ᠎ᠠ | ᠳᠡᠯᠭᠡᠭᠦᠷ ᠤᠨ ᠳᠣᠲᠣᠷᠠᠬᠢ ᠬᠤᠳᠠᠯᠳᠤᠭᠠᠴᠢᠨ ᠡᠷᠦᠬᠡ ᠶᠢᠨ ᠶᠠᠪᠤᠬᠤ ᠶᠢ ᠴᠢᠩᠭ᠎ᠠ ᠴᠠᠭᠠᠵᠠᠯᠠᠵᠤ᠂ ᠵᠠᠬ᠎ᠠ | ᠳᠡᠯᠭᠡᠭᠦᠷ ᠤᠨ ᠭᠤᠤᠯ ᠴᠣᠭᠴᠠ ᠨᠢ ︽ᡂᠢ ᠴᠧᠩ ᠹᠧᠩ ᠸᠧᠢ ᠬᠡᠷ ᠤᠨ ᠡᠭᠦᠳᠡᠨ ᠠᠴᠠ ᠪᠠᠨ ᠬᠤᠳᠠᠯᠳᠤᠨ ᠠᠪᠬᠤ︾ | ᠵᠢᠵᠢᠭ ᠲᠠᠰ ᠳᠠᠷᠠᠭᠠᠯᠠᠯ ᠢᠶᠠᠷ ᠳᠠᠮᠵᠢᠭᠤᠯᠤᠨ ᠵᠠᠬᠢᠶᠠᠯᠠᠭ᠎ᠠ ᠶᠢᠨ ᠬᠠᠭᠤᠳᠠᠰᠤ ᠪᠠᠨ ᠲᠤᠰᠢᠶᠠᠵᠤ᠂ ᠬᠤᠳᠠᠯᠳᠤᠭᠠᠴᠢᠨ | ᠡᠷᠦᠬᠡ ᠤᠷᠢᠳᠴᠢᠯᠠᠨ ᠪᠠᠷᠠᠭ᠎ᠠ ᠪᠡᠯᠡᠳᠬᠡᠵᠦ᠂ ᠵᠠᠪᠰᠠᠷ ᠤᠨ ᠲᠣᠭᠤᠷᠢᠭ ᠲᠤ ᠲᠡᠭᠡᠭᠡᠪᠦᠷᠢᠯᠡᠨ ᠬᠦᠷᠭᠡᠵᠦ᠂ ᠡᠯ᠎ᠡ ᠵᠠᠬ᠎ᠠ | ᠳᠡᠯᠭᠡᠭᠦᠷ ᠤᠨ ᠭᠤᠤᠯ ᠴᠣᠭᠴᠠ ᠨᠢ ᠬᠦᠷᠦᠯᠴᠡᠬᠦ ᠥᠬᠡᠶ ᠪᠠᠷ ᠪᠠᠷᠠᠭ᠎ᠠ ᠭᠥᠯᠢᠶᠡᠨ ᠠᠪᠴᠤ᠂ ᠳᠣᠲᠣᠭᠠᠳᠤ ᠶᠢᠨ | ᠠᠵᠢᠯᠲᠠᠨ ᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠡᠵᠡᠮᠳᠡᠯ ᠢ ᠴᠢᠩᠳᠠᠯᠠᠵᠤ᠂ ᠪᠣᠶ ᠪᠥᠬᠦᠶ ᠬᠠᠩᠭᠠᠯᠭ᠎ᠠ ᠶᠢ | ᠪᠠᠲᠤᠯᠠᠬᠤ ᠠᠵᠢᠯᠲᠠᠨ ᠬᠠᠮᠠᠭᠠᠯᠠᠯᠲᠠ ᠶᠢᠨ ᠬᠤᠪᠴᠠᠰᠤ ᠡᠮᠦᠰᠴᠦ᠂ N95 ᠠᠮᠠᠪᠴᠢ᠂ ᠨᠢᠭᠤᠷ ᠤᠨ ᠬᠠᠯᠬᠠᠯᠲᠠ | ᠵᠡᠭᠦᠵᠦ᠂ ᠠᠮᠤᠷ ᠲᠦᠪᠰᠢᠨ ᠤ ᠳᠠᠯᠳᠠ ᠬᠡᠮ ᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠪᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢ | ᠨᠠᠶᠢᠳᠠᠪᠤᠷᠢᠵᠢᠭᠤᠯᠬᠤ ᠪᠣᠳᠠᠲᠠᠶ ᠠᠵᠢᠯ ᠤᠨ ᠳᠤᠮᠳᠠ᠂ ᠰᠦᠩᠱᠠᠨ ᠲᠣᠭᠤᠷᠢᠭ ᠪᠠᠴᠢᠮ ᠪᠠᠶᠢᠳᠠᠯ ᠢ ᠠᠷᠭᠠᠴᠠᠬᠤ | ᠲᠥᠰᠦᠯ ᠢᠶᠠᠨ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠴᠢᠳᠠᠪᠤᠷᠢ ᠪᠠᠨ ᠳᠡᠭᠡᠭᠰᠢᠯᠡᠭᠦᠯᠵᠦ᠂ ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠪᠠᠷᠠᠭ᠎ᠠ ᠣᠷᠣᠭᠤᠯᠬᠤ ᠠᠷᠭ᠎ᠠ | ᠵᠠᠮ ᠢᠶᠠᠨ ᠥᠷᠭᠡᠳᠬᠡᠨ᠂ ᠦᠢᠯᠡᠳᠬᠦᠨ ᠤ ᠲᠥᠷᠥᠯ ᠵᠦᠢᠯ ᠢᠶᠠᠨ ᠪᠠᠶᠠᠯᠢᠭᠵᠢᠭᠤᠯᠵᠤ᠂ ︽ᠶᠠᠰᠤ ᠴᠢᠨᠠᠷ ᠤᠨ | ᠪᠣᠭᠤᠮᠲᠠ︾ ᠶᠢ ᠴᠢᠩᠭ᠎ᠠ ᠠᠳᠬᠤᠪᠠ᠃ ᠶᠠᠪᠤᠴᠠ ᠶᠢᠨ ᠬᠠᠮᠢᠶᠠᠷᠤᠯᠲᠠ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ︽ᠶᠠᠪᠤᠴᠠ ᠶᠢᠨ ᠪᠣᠭᠤᠮᠲᠠ︾ ᠶᠢ ᠴᠢᠩᠭ᠎ᠠ | ᠠᠳᠬᠤᠪᠠ᠃ ᠵᠠᠬ᠎ᠠ ᠳᠡᠯᠭᠡᠭᠦᠷ ᠤᠨ ᠦᠢᠯᠡᠴᠢᠯᠡᠭᠡ ᠶᠢ ᠴᠢᠩᠭᠠᠳᠬᠠᠬᠤ ᠪᠠᠷ ᠳᠠᠮᠵᠢᠭᠤᠯᠤᠨ᠂ ᠦᠢᠯᠡᠳᠪᠦᠷᠢᠯᠡᠯ | ᠪᠣᠷᠣᠯᠠᠭᠤᠯᠭ᠎ᠠ ᠶᠢ ᠤᠷᠤᠭᠰᠢᠲᠠᠶ ᠵᠣᠯᠭᠠᠭᠤᠯᠬᠤ ᠶᠢ ᠪᠠᠲᠤᠯᠠᠵᠤ᠂ ︽ᠬᠠᠩᠭᠠᠯᠭ᠎ᠠ ᠶᠢ ᠪᠠᠲᠤᠯᠠᠬᠤ ᠪᠣᠭᠤᠮᠲᠠ︾ ᠶᠢ | ᠴᠢᠩᠭ᠎ᠠ ᠠᠳᠬᠤᠪᠠ᠃ ᠵᠠᠬ᠎ᠠ ᠳᠡᠯᠭᠡᠭᠦᠷ ᠤᠨ ᠬᠤᠪᠢᠷᠠᠯᠲᠠ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠨᠢᠭᠲᠠ | ᠠᠩᠬᠠᠷᠬᠤ ᠪᠠᠷ ᠳᠠᠮᠵᠢᠭᠤᠯᠤᠨ᠂ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠯᠠᠩ ᠤᠨ | ᠪᠦᠲᠦᠭᠡᠭᠳᠡᠬᠦᠨ ᠤ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ︽ᠦᠨ᠎ᠡ ᠬᠠᠩᠰᠢ ᠶᠢᠨ | ᠪᠣᠭᠤᠮᠲᠠ︾ ᠶᠢ ᠴᠢᠩᠭ᠎ᠠ ᠠᠳᠬᠤᠪᠠ᠃ | ᠣᠳᠣᠬᠠᠨ ᠳᠤ᠂ ᠢᠦᠶ ᠷᠦᠨ ᠤ ᠵᠠᠬ᠎ᠠ ᠳᠡᠯᠭᠡᠭᠦᠷ ᠤᠨ ᠪᠠᠷᠠᠭᠠᠨ ᠤ ᠢᠷᠡᠯᠲᠡ ᠭᠦᠢᠴᠡᠳ᠂ ᠢᠳᠡᠰᠢᠨ | ᠨᠣᠭᠤᠭ᠎ᠠ ᠰᠢᠨ᠎ᠡ ᠰᠣᠷᠭᠤᠭ᠂ ᠦᠨ᠎ᠡ ᠬᠠᠩᠰᠢ ᠲᠣᠭᠲᠠᠭᠤᠨ ᠪᠠᠶᠢᠵᠤ᠂ ᠥᠷᠭᠡᠨ ᠣᠯᠠᠨ ᠬᠤᠲᠠ ᠶᠢᠨ ᠠᠷᠠᠳ ᠤᠨ | ᠬᠡᠷᠡᠭᠴᠡᠭᠡ ᠶᠢ ᠬᠠᠩᠭᠠᠵᠤ ᠳᠡᠶᠢᠯᠬᠦ ᠪᠤᠯᠤᠨ᠎ᠠ᠃ |