ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠦᠨᠳᠦᠰᠦᠯᠡᠨ᠂ ᠰᠢᠨᠵᠢᠯᠡᠬᠦ | ᠤᠬᠠᠭᠠᠨᠴᠢ᠂ ᠨᠠᠷᠢᠯᠢᠭ ᠣᠨᠣᠴᠠᠲᠠᠶ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢᠨ ᠲᠤᠰᠠᠳᠠ᠂ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ | ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪᠯᠡᠯ︶︾ ᠪᠠ ︽ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠰᠠᠶᠢᠲᠤᠷ | ᠬᠢᠬᠦ ᠲᠤᠬᠠᠶ ᠮᠡᠳᠡᠭᠳᠡᠯ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠲᠤᠰᠬᠠᠶ ᠮᠡᠷᠭᠡᠵᠢᠯᠲᠡᠨ ᠤ | ᠳᠤᠭᠤᠶᠢᠯᠠᠩ ᠤᠨ ᠰᠤᠳᠤᠯᠤᠨ ᠮᠠᠭᠠᠳᠯᠠᠭᠰᠠᠨ ᠢ ᠦᠨᠳᠦᠰᠦᠯᠡᠨ᠂ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠳᠣᠤᠷᠠᠬᠢ | ᠣᠷᠣᠨ ᠪᠦᠰᠡ ᠶᠢᠨ ᠲᠦᠭᠰᠢᠭᠦᠷᠢ ᠶᠢᠨ ᠲᠠᠰ ᠲᠤ ᠲᠣᠬᠢᠷᠠᠭᠤᠯᠤᠯᠲᠠ ᠬᠢᠬᠦ ᠪᠠᠷ ᠲᠣᠭᠲᠠᠪᠠ᠄ | ᠨᠢᠭᠡ᠂ ᠰᠢᠨ᠎ᠡ ᠪᠠᠷ ᠨᠡᠮᠡᠭᠳᠡᠭᠰᠡᠨ ᠦᠨᠳᠦᠷ ᠲᠦᠭᠰᠢᠭᠦᠷᠢᠲᠦ ᠣᠷᠣᠨ | 1.ᠰᠢᠶᠠᠩ ᠶᠠᠩ ᠵᠡᠭᠡᠯᠢ ᠭᠤᠳᠤᠮᠵᠢ ᠶᠢᠨ ᠶᠢᠨ ᠾᠧ ᠨᠡᠶᠢᠭᠡᠮ ᠲᠣᠭᠤᠷᠢᠭ ᠤᠨ ᠶᠢᠨ ᠾᠧ ᠴᠡᠴᠡᠷᠯᠢᠭ ᠤᠨ | ᠬᠤᠶᠠᠳᠤᠭᠠᠷ ᠬᠤᠭᠤᠴᠠᠭᠠᠨ ᠤ 2 ᠳ᠋ᠤᠭᠠᠷ ᠨᠣᠮᠧᠷᠲᠤ ᠠᠰᠠᠷ ᠤᠨ 2 ᠳ᠋ᠤᠭᠠᠷ ᠤᠷᠤᠴᠠ | 2.ᠵᠧᠨ ᠰᠢᠩ ᠵᠡᠭᠡᠯᠢ ᠭᠤᠳᠤᠮᠵᠢ ᠶᠢᠨ ᠱᠤ᠋ ᠰᠢᠶᠠᠩ ᠲᠢᠩ ᠶᠤᠸᠠᠨ ᠨᠡᠶᠢᠭᠡᠮ ᠲᠣᠭᠤᠷᠢᠭ ᠤᠨ ᠸᠠᠨ ᠾᠧ ᠹᠦ᠋ | ᠳ᠋ᠢ 7 ᠳ᠋ᠤᠭᠠᠷ ᠨᠣᠮᠧᠷᠲᠤ ᠠᠰᠠᠷ ᠤᠨ 4 ᠳ᠋ᠦ᠋ᠭᠡᠷ ᠤᠷᠤᠴᠠ | 3.ᠰᠢᠶᠠᠩ ᠶᠠᠩ ᠵᠡᠭᠡᠯᠢ ᠭᠤᠳᠤᠮᠵᠢ ᠶᠢᠨ ᠯᠦᠩ ᠲᠢᠩ ᠵᠢᠶᠠ ᠶᠤᠸᠠᠨ ᠨᠡᠶᠢᠭᠡᠮ ᠲᠣᠭᠤᠷᠢᠭ ᠤᠨ ᠰᠦᠩ ᠪᠧᠶ | ᠵᠢᠶᠠ ᠶᠤᠸᠠᠨ 6 ᠳ᠋ᠤᠭᠠᠷ ᠨᠣᠮᠧᠷᠲᠤ ᠠᠰᠠᠷ ᠤᠨ 1 ᠳ᠋ᠦ᠋ᠭᠡᠷ ᠤᠷᠤᠴᠠ | 4.ᠰᠢᠶᠠᠩ ᠶᠠᠩ ᠵᠡᠭᠡᠯᠢ ᠭᠤᠳᠤᠮᠵᠢ ᠶᠢᠨ ᠮᠥ ᠭᠧ ᠨᠡᠶᠢᠭᠡᠮ ᠲᠣᠭᠤᠷᠢᠭ ᠤᠨ ᠾᠧᠩ ᠳ᠋ᠧ ᠭᠡᠷ ᠣᠷᠣᠨ ᠤ 2 | ᠳ᠋ᠤᠭᠠᠷ ᠨᠣᠮᠧᠷᠲᠤ ᠠᠰᠠᠷ ᠤᠨ 1ᠳ᠋ᠦ᠋ᠭᠡᠷ ᠤᠷᠤᠴᠠ | 5.ᠰᠢᠶᠠᠩ ᠶᠠᠩ ᠵᠡᠭᠡᠯᠢ ᠭᠤᠳᠤᠮᠵᠢ ᠶᠢᠨ ᠠᠨ ᠵᠢᠤᠢ ᠨᠡᠶᠢᠭᠡᠮ ᠲᠣᠭᠤᠷᠢᠭ ᠤᠨ ᠰᠢᠶᠠᠩ ᠶᠠᠩ ᠴᠡᠴᠡᠷᠯᠢᠭ | ᠰᠠᠭᠤᠭᠠᠯᠢ ᠲᠣᠭᠤᠷᠢᠭ ︵ᠰᠢᠶᠠᠩ ᠶᠠᠩ ᠲᠠᠪᠤᠳᠤᠭᠠᠷ ᠪᠦᠯᠬᠦᠮ︶ ᠤᠨ 9 ᠳ᠋ᠦ᠋ᠭᠡᠷ ᠨᠣᠮᠧᠷᠲᠤ ᠠᠰᠠᠷ ᠤᠨ 4 ᠳ᠋ᠦ᠋ᠭᠡᠷ | ᠤᠷᠤᠴᠠ | 6.ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠤᠲᠠ ᠶᠢᠨ ᠳ᠋ᠦᠩ ᠹᠠᠩ | ᠱᠧᠩ ᠵᠢᠩ ᠰᠠᠭᠤᠭᠠᠯᠢ ᠲᠣᠭᠤᠷᠢᠭ ᠤᠨ ᠪᠠᠷᠢᠯᠭ᠎ᠠ ᠶᠢᠨ ᠭᠠᠵᠠᠷ | ᠬᠤᠶᠠᠷ᠂ ᠳᠣᠣᠷ᠎ᠠ ᠲᠦᠭᠰᠢᠭᠦᠷᠢᠲᠦ ᠣᠷᠣᠨ ᠪᠣᠯᠭᠠᠨ ᠪᠠᠭᠤᠷᠠᠭᠤᠯᠬᠤ | ᠰᠦᠩᠱᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠾᠧᠩ ᠱᠧᠩ ᠭᠡᠷ ᠣᠷᠣᠨ ᠤ 1 ᠳ᠋ᠦ᠋ᠭᠡᠷ | ᠨᠣᠮᠧᠷᠲᠤ ᠠᠰᠠᠷ᠂ 3 ᠳ᠋ᠤᠭᠠᠷ ᠨᠣᠮᠧᠷᠲᠤ ᠠᠰᠠᠷ ︵ᠠᠩᠴᠢᠨ ᠪᠠᠯᠭᠠᠰᠤ︶ | ᠥᠷᠭᠡᠨ ᠤᠯᠠᠨ ᠰᠠᠭᠤᠭᠠᠯᠢ ᠠᠷᠠᠳ ᠠᠯᠪᠠᠨ ᠤ ᠲᠠᠯ᠎ᠠ ᠶᠢᠨ ᠨᠡᠶᠢᠲᠡᠯᠡᠭᠰᠡᠨ ᠡᠷᠬᠡ ᠰᠦᠷᠲᠦ ᠮᠡᠳᠡᠭᠡ | ᠵᠠᠩᠭᠢ ᠶᠢ ᠨᠢᠭᠲᠠ ᠠᠩᠬᠠᠷᠴᠤ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ | ᠲᠠᠷᠬᠠᠭᠠᠬᠤ ᠦᠭᠡᠢ ᠪᠠᠶᠢᠬᠤ ᠶᠢ ᠬᠦᠰᠡᠵᠦ ᠪᠠᠶᠢᠨ᠎ᠠ᠃ ᠥᠪᠡᠷ ᠢ ᠪᠠᠨ ︽ᠡᠷᠡᠭᠦᠯ ᠮᠡᠨᠳᠦ ᠶᠢᠨ ᠨᠢᠭᠡᠳᠦᠭᠡᠷ | ᠬᠠᠷᠢᠭᠤᠴᠠᠯᠭᠠᠲᠠᠨ︾ ᠭᠡᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠬᠤᠪᠢ ᠬᠥᠮᠦᠨ ᠤ ᠰᠡᠷᠭᠡᠶᠢᠯᠡᠨ | ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ᠭᠠᠷ ᠢᠶᠠᠨ | ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠪᠥᠭᠡᠮᠨᠡᠷᠡᠬᠦ ᠥᠬᠡᠶ ᠪᠠᠶᠢᠬᠤ ᠶᠢ ᠪᠠᠷᠢᠮᠲᠠᠯᠠᠵᠤ᠂ | ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠰᠠᠶᠢᠲᠤᠷ ᠬᠢᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ | ᠬᠡᠷᠡᠭᠲᠡᠶ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ | 2022 ᠣᠨ ᠤ 11 ᠰᠠᠷ᠎ᠠ ᠶᠢᠨ 27 ᠤ ᠡᠳᠦᠷ |