ᠵᠢᠶᠠ ᡁᠢ ᠬᠤᠩ ᠪᠦᠯᠬᠦᠮ ᠳᠠᠭᠠᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2022/11/28
      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠰᠠᠶᠢᠲᠤᠷ ᠬᠢᠵᠦ᠂ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠭᠠᠯ ᠤᠨ ᠭᠠᠮᠰᠢᠭ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ 11 ᠰᠠᠷ᠎ᠠ ᠶᠢᠨ 27 ᠤ ᠡᠳᠦᠷ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠠ ᡁᠢ ᠬᠤᠩ ᠪᠦᠯᠬᠦᠮ ᠳᠠᠭᠠᠭᠤᠯᠤᠨ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠲᠤ ᠬᠦᠷᠴᠦ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠦᠷᠨᠢᠭᠦᠯᠪᠡ᠂ ᠭᠠᠯ ᠤᠨᠲᠠᠷᠠᠭᠠᠬᠤ ᠶᠡᠭᠡ ᠠᠩᠭᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠪᠠ᠃      ᠪᠠ ᠵᠢᠶᠠ ᠬᠤᠸᠠ ᠶᠤᠸᠠᠨ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠲᠤ᠂ ᠵᠢᠶᠠ ᡁᠢ ᠬᠤᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠠᠮᠤᠷ ᠲᠦᠪᠰᠢᠨ ᠤ ᠬᠠᠮᠢᠶᠠᠷᠤᠯᠲᠠ᠂ ᠠᠰᠠᠷ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠵᠢᠴᠢ ᠭᠠᠯ ᠤᠨᠲᠠᠷᠠᠭᠠᠬᠤ ᠤᠬᠠᠭᠤᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠰᠠᠶᠢᠲᠤᠷ ᠠᠳᠬᠤᠬᠤ ᠲᠤᠬᠠᠢ ᠵᠢᠶᠠ ᡁᠢ ᠬᠤᠩ ᠴᠢᠬᠤᠯᠠᠴᠢᠯᠠᠭᠰᠠᠨ ᠨᠢ᠂ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠠᠮᠤᠷ ᠲᠦᠪᠰᠢᠨ ᠲᠦᠭ ᠲᠦᠮᠡᠨ ᠠᠶᠢᠯ ᠡᠷᠦᠬᠡ ᠳᠤ ᠬᠤᠯᠪᠣᠭᠳᠠᠨ᠎ᠠ᠂ ᠡᠯ᠎ᠡ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠵᠢᠴᠢ ᠠᠳᠠᠯ ᠠᠬᠤᠢ ᠶᠢᠨ ᠠᠵᠤ ᠠᠬᠤᠶᠢᠯᠠᠯ ᠤᠨ ᠬᠢᠨ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠮᠤᠷ ᠲᠦᠪᠰᠢᠨ ᠤ ᠠᠵᠢᠯ ᠢ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠬᠤ ᠬᠡᠷᠡᠭᠲᠡᠢ᠃ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠲᠠᠢ ᠤᠶᠠᠯᠳᠤᠭᠤᠯᠤᠨ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯ ᠢ ᠵᠡᠷᠭᠡᠪᠡᠷ ᠥᠷᠨᠢᠭᠦᠯᠵᠦ᠂ ︽ᠬᠡᠷ ᠲᠤᠨᠢ  ᠲᠤᠰᠠᠭᠠᠷᠯᠠᠬᠤ ᠭᠠᠯ ᠤᠨᠲᠠᠷᠠᠭᠠᠬᠤ ᠠᠮᠤᠷ ᠲᠦᠪᠰᠢᠨ ᠤ ᠰᠠᠨᠠᠭᠤᠯᠤᠮᠵᠢ ᠶᠢᠨ ᠬᠠᠭᠤᠳᠠᠰᠤ︾ ᠲᠠᠷᠬᠠᠭᠠᠬᠤ᠂ ᠥᠮᠴᠢᠲᠡᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠰᠠᠨᠠᠭᠤᠯᠤᠮᠵᠢ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠰᠠᠭᠤᠭᠠᠯᠢ ᠠᠷᠠᠳ ᠤᠨ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷ ᠢ ᠪᠠᠨ ᠠᠪᠤᠷᠬᠠᠤ ᠬᠠᠷᠢᠯᠴᠠᠨ ᠠᠪᠤᠷᠬᠠᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠶᠢᠨ ᠬᠠᠮᠲᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠵᠤ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号