ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠦᠨᠳᠦᠰᠦᠯᠡᠨ᠂ ᠰᠢᠨᠵᠢᠯᠡᠬᠦ | ᠤᠬᠠᠭᠠᠨᠴᠢ᠂ ᠨᠠᠷᠢᠯᠢᠭ ᠣᠨᠣᠴᠠᠲᠠᠶ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢᠨ ᠲᠤᠰᠠᠳᠠ᠂ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ | ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪᠯᠡᠯ︶︾ ᠪᠠ ︽ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠰᠠᠶᠢᠲᠤᠷ | ᠬᠢᠬᠦ ᠲᠤᠬᠠᠶ ᠮᠡᠳᠡᠭᠳᠡᠯ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠲᠤᠰᠬᠠᠶ ᠮᠡᠷᠭᠡᠵᠢᠯᠲᠡᠨ ᠤ | ᠳᠤᠭᠤᠶᠢᠯᠠᠩ ᠤᠨ ᠰᠤᠳᠤᠯᠤᠨ ᠮᠠᠭᠠᠳᠯᠠᠭᠰᠠᠨ ᠢ ᠦᠨᠳᠦᠰᠦᠯᠡᠨ᠂ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠳᠣᠤᠷᠠᠬᠢ | ᠣᠷᠣᠨ ᠪᠦᠰᠡ ᠶᠢᠨ ᠲᠦᠭᠰᠢᠭᠦᠷᠢ ᠶᠢᠨ ᠲᠠᠰ ᠲᠤ ᠲᠣᠬᠢᠷᠠᠭᠤᠯᠤᠯᠲᠠ ᠬᠢᠬᠦ ᠪᠠᠷ ᠲᠣᠭᠲᠠᠪᠠ᠄ | ᠨᠢᠭᠡ᠂ ᠰᠢᠨ᠎ᠡ ᠪᠠᠷ ᠨᠡᠮᠡᠭᠳᠡᠭᠰᠡᠨ ᠦᠨᠳᠦᠷ ᠲᠦᠭᠰᠢᠭᠦᠷᠢᠲᠦ ᠣᠷᠣᠨ | 1.ᠲᠢᠶᠧ ᠳ᠋ᠦᠩ ᠵᠡᠭᠡᠯᠢ ᠭᠤᠳᠤᠮᠵᠢ ᠶᠢᠨ ᠴᠦᠨ ᠭᠤᠸᠠᠩ ᠨᠡᠶᠢᠭᠡᠮ ᠲᠣᠭᠤᠷᠢᠭ ᠤᠨ ᠴᠦᠨ ᠭᠤᠸᠠᠩ ᠬᠤᠸᠠ | ᠶᠤᠸᠠᠨ ᠰᠠᠭᠤᠭᠠᠯᠢ ᠲᠣᠭᠤᠷᠢᠭ ᠤᠨ 5 ᠳ᠋ᠤᠭᠠᠷ ᠨᠣᠮᠧᠷᠲᠤ ᠠᠰᠠᠷ | ᠬᠤᠶᠠᠷ᠂ ᠳᠣᠣᠷ᠎ᠠ ᠲᠦᠭᠰᠢᠭᠦᠷᠢᠲᠦ ᠣᠷᠣᠨ ᠪᠣᠯᠭᠠᠨ ᠪᠠᠭᠤᠷᠠᠭᠤᠯᠬᠤ | 1.ᠬᠢᠩᠭᠠᠨ ᠵᠡᠭᠡᠯᠢ ᠭᠤᠳᠤᠮᠵᠢ ᠶᠢᠨ ᠬᠤᠸᠠ ᠢᠦᠢ ᠴᠧᠩ ᠨᠡᠶᠢᠭᠡᠮ ᠲᠣᠭᠤᠷᠢᠭ ᠤᠨ ᠯᠦᠩ ᠹᠦ᠋ ᠵᠢᠶᠦ᠋ᠨ | ᠰᠠᠭᠤᠭᠠᠯᠢ ᠲᠣᠭᠤᠷᠢᠭ ᠤᠨ 3 ᠳ᠋ᠤᠭᠠᠷ ᠨᠣᠮᠧᠷᠲᠤ ᠠᠰᠠᠷ | 2.ᠲᠢᠶᠧ ᠳ᠋ᠦᠩ ᠵᠡᠭᠡᠯᠢ ᠭᠤᠳᠤᠮᠵᠢ ᠶᠢᠨ ᠾᠧᠩ ᠱᠧᠩ ᠨᠡᠶᠢᠭᠡᠮ ᠲᠣᠭᠤᠷᠢᠭ ᠤᠨ ᠳ᠋ᠢ ᠵᠢᠩ ᠬᠤᠸᠠ ᠶᠤᠸᠠᠨ | ᠡᠮᠦᠨ᠎ᠡ ᠲᠣᠭᠤᠷᠢᠭ ᠤᠨ 4 ᠳ᠋ᠦ᠋ᠭᠡᠷ ᠨᠣᠮᠧᠷᠲᠤ ᠠᠰᠠᠷ | ᠥᠷᠭᠡᠨ ᠤᠯᠠᠨ ᠰᠠᠭᠤᠭᠠᠯᠢ ᠠᠷᠠᠳ ᠠᠯᠪᠠᠨ ᠤ ᠲᠠᠯ᠎ᠠ ᠶᠢᠨ ᠨᠡᠶᠢᠲᠡᠯᠡᠭᠰᠡᠨ ᠡᠷᠬᠡ ᠰᠦᠷᠲᠦ ᠮᠡᠳᠡᠭᠡ ᠵᠠᠩᠭᠢ ᠶᠢ | ᠨᠢᠭᠲᠠ ᠠᠩᠬᠠᠷᠴᠤ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ | ᠦᠭᠡᠢ ᠪᠠᠶᠢᠬᠤ ᠶᠢ ᠬᠦᠰᠡᠵᠦ ᠪᠠᠶᠢᠨ᠎ᠠ᠃ ᠥᠪᠡᠷ ᠢ ᠪᠠᠨ ︽ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ︾ | ᠭᠡᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠦᠵᠡᠯ | ᠤᠬᠠᠮᠰᠠᠷ ᠢ ᠴᠢᠩᠭᠠᠷᠠᠭᠤᠯᠤᠨ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ | ᠦᠷᠭᠦᠯᠵᠢ ᠰᠠᠯᠬᠢ ᠨᠡᠪᠲᠡᠷᠡᠭᠦᠯᠬᠦ᠂ ᠪᠥᠭᠡᠮᠨᠡᠷᠡᠬᠦ ᠥᠬᠡᠶ ᠪᠠᠶᠢᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ | ᠬᠠᠮᠵᠢᠯᠴᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ ᠬᠡᠷᠡᠭᠲᠡᠶ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ | 2022 ᠣᠨ ᠤ 11 ᠰᠠᠷ᠎ᠠ ᠶᠢᠨ 28 ᠤ ᠡᠳᠦᠷ |