ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠤᠯᠠᠨ ᠲᠦᠮᠡᠨ ᠤ ᠡᠪᠡᠳᠴᠢᠨ ᠦᠵᠡᠭᠦᠯᠬᠦ ᠵᠠᠮ ᠢ ᠰᠠᠭᠠᠳ ᠦᠭᠡᠢ ᠨᠡᠪᠲᠡᠷᠡᠭᠦᠯᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2022/11/9
                       ︵2022︶ 70 ᠳ᠋ᠤᠭᠠᠷ ᠲᠣᠭᠠᠲᠤ      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠥᠷᠭᠡᠨ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠪᠦᠲᠦᠮᠵᠢᠲᠡᠶ ᠪᠠᠲᠤᠯᠠᠬᠤ ᠶᠢᠨ ᠲᠥᠯᠥᠭᠡ᠂ ᠣᠲᠣ ᠲᠥᠪ ᠬᠤᠲᠠ ᠶᠢᠨ ᠲᠣᠭᠤᠷᠢᠭ ᠤᠨ ᠡᠪᠡᠳᠴᠢᠨ ᠦᠵᠡᠭᠦᠯᠬᠦ ᠶᠢ ᠪᠠᠲᠤᠯᠠᠬᠤ ᠠᠵᠢᠯ ᠤᠨ ᠲᠤᠬᠠᠶ ᠳᠣᠤᠷᠠᠬᠢ ᠮᠡᠲᠦ ᠵᠠᠷᠯᠠᠶ᠎ᠠ᠄      ᠨᠢᠭᠡ᠂ ᠪᠠᠴᠢᠮ ᠲᠦᠭᠰᠢᠭᠦᠷᠢᠲᠡᠶ ᠬᠦᠨᠳᠦ ᠡᠪᠡᠳᠴᠢᠲᠡᠨ ᠪᠠ ᠬᠥᠩᠭᠡᠵᠢᠭᠴᠢ ᠳᠤ 120 ᠲᠦᠷᠭᠡᠨ ᠠᠪᠤᠷᠠᠯᠲᠠ ᠶᠢᠨ ᠤᠲᠠᠰᠤ ᠶᠢ ᠰᠢᠭᠤᠳ ᠤᠲᠠᠰᠤᠳᠠᠬᠤ ᠶᠢᠨ ᠬᠠᠮᠲᠤ ᠪᠠᠶᠢᠭ᠎ᠠ ᠵᠡᠭᠡᠯᠢ ᠭᠤᠳᠤᠮᠵᠢ ᠳᠤ ᠮᠡᠳᠡᠭᠳᠡᠵᠦ᠂ ᠲᠦᠷᠭᠡᠨ ᠠᠪᠤᠷᠠᠯᠲᠠ ᠶᠢᠨ ᠲᠡᠷᠭᠡ ᠪᠠᠷ ᠡᠮ ᠡᠮᠨᠡᠯᠭᠡ ᠶᠢᠨ ᠪᠠᠶᠢᠭᠤᠯᠤᠮᠵᠢ ᠳᠤ ᠰᠢᠯᠵᠢᠭᠦᠯᠦᠨ ᠬᠦᠷᠭᠡᠵᠦ ᠡᠮᠨᠡᠭᠦᠯᠦᠨ᠎ᠡ ᠃ ᠣᠨᠣᠰᠢᠯᠠᠨ ᠡᠮᠨᠡᠵᠦ ᠳᠠᠭᠤᠰᠤᠭᠰᠠᠨ ᠤ ᠳᠠᠷᠠᠭ᠎ᠠ᠂ ᠵᠡᠭᠡᠯᠢ ᠭᠤᠳᠤᠮᠵᠢ ᠠᠴᠠ ᠲᠡᠷᠭᠡ ᠬᠥᠰᠬᠡ ᠳᠣᠭᠢᠷᠠᠭᠤᠯᠤᠨ ᠴᠡᠭ ᠠᠴᠠ ᠴᠡᠭ ᠲᠤ ᠲᠤᠰᠴᠤ  ᠠᠪᠴᠢᠷᠠᠨ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃      ᠬᠤᠶᠠᠷ᠂ ᠪᠠᠴᠢᠮ ᠡᠮᠴᠢᠯᠡᠭᠡᠨ ᠤ ᠪᠤᠰᠤ ᠡᠪᠡᠳᠴᠢᠲᠡᠨ ᠤᠷᠢᠳᠠᠪᠠᠷ ᠡᠮᠴᠢᠯᠡᠭᠡᠨ ᠤ ᠪᠠᠶᠢᠭᠤᠯᠤᠮᠵᠢ ᠶᠢᠨ ᠠᠰᠠᠭᠤᠨ ᠯᠠᠪᠯᠠᠬᠤ ᠬᠠᠯᠠᠭᠤᠨ ᠤᠲᠠᠰᠤ  ᠪᠠᠷ ᠡᠷᠡᠭᠦᠯ ᠮᠡᠨᠳᠦ ᠶᠢᠨ ᠠᠰᠠᠭᠤᠨ ᠯᠠᠪᠯᠠᠯᠲᠠ ᠬᠢᠵᠤ ᠪᠣᠯᠤᠨ᠎ᠠ᠂ ᠦᠨᠡᠬᠡᠷ ᠭᠠᠳᠠᠭᠰᠢ ᠭᠠᠷᠴᠤ ᠡᠮᠨᠡᠭᠦᠯᠬᠦ ᠴᠢᠬᠤᠯᠠ ᠲᠠᠢ ᠪᠣᠯ ᠪᠠᠶᠢᠭ᠎ᠠ ᠵᠡᠭᠡᠯᠢ ᠭᠤᠳᠤᠮᠵᠢ ᠶᠢᠨ ᠤᠲᠠᠰᠤ ᠪᠠᠷ ᠤᠲᠠᠰᠤᠳᠠᠵᠤ᠂ ᠵᠡᠭᠡᠯᠢ ᠭᠤᠳᠤᠮᠵᠢ ᠶᠢᠨ ᠲᠣᠮᠢᠯᠠᠭᠰᠠᠨ ᠲᠡᠷᠭᠡ ᠬᠥᠰᠬᠡ  ᠪᠠᠷ ᠴᠡᠭ ᠠᠴᠠ ᠴᠡᠭ ᠲᠤ ᠰᠢᠯᠵᠢᠭᠦᠯᠦᠨ ᠡᠮᠴᠢᠯᠡᠭᠡᠨ ᠤ ᠪᠠᠶᠢᠭᠤᠯᠤᠮᠵᠢ ᠳᠤ ᠬᠦᠷᠭᠡᠵᠦ ᠡᠮᠨᠡᠭᠦᠯᠦᠨ᠎ᠡ᠂ ᠣᠨᠣᠰᠢᠯᠠᠨ ᠡᠮᠨᠡᠵᠦ ᠳᠠᠭᠤᠰᠤᠭᠰᠠᠨ ᠤ ᠳᠠᠷᠠᠭ᠎ᠠ ᠨᠡᠶᠢᠭᠡᠮ ᠲᠣᠭᠤᠷᠢᠭ ᠲᠤ ᠲᠤᠰᠴᠤ ᠠᠪᠴᠢᠷᠠᠨ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃      ᠭᠤᠷᠪᠠ᠂ ᠪᠥᠭᠡᠷᠡᠨ ᠤ ᠠᠵᠢᠯᠯᠠᠭ᠎ᠠ ᠳᠣᠷᠦ᠋ᠢᠲᠠᠭᠰᠠᠨ ᠡᠪᠡᠳᠴᠢᠲᠡᠨ᠂ ᠬᠠᠪᠤᠳᠠᠷ ᠲᠠᠢ ᠡᠪᠡᠳᠴᠢᠲᠡᠨ ᠪᠠ ᠪᠤᠰᠤᠳ ᠲᠣᠭᠲᠠᠭᠰᠠᠨ ᠬᠤᠭᠤᠴᠠᠭ᠎ᠠ ᠲᠠᠢ ᠡᠮᠨᠡᠨ ᠵᠠᠰᠠᠬᠤ ᠴᠢᠬᠤᠯᠠᠲᠠᠶ ᠡᠪᠡᠳᠴᠢᠲᠡᠨ᠂ ᠵᠢᠴᠢ ᠵᠢᠷᠮᠦᠰᠦᠨ ᠡᠮᠡᠭᠲᠡᠶ ᠬᠥᠩᠭᠡᠵᠢᠭᠰᠡᠨ ᠡᠮᠡᠭᠲᠡᠶ ᠪᠠ ᠨᠢᠷᠠᠶ ᠬᠡᠦᠬᠡᠳ ᠵᠡᠷᠭᠡ ᠣᠨᠴᠠᠭᠠᠶ ᠬᠠᠮᠲᠤᠯᠢᠭ ᠢ ᠥᠩᠭᠡᠷᠡᠭᠰᠡᠨ ᠤ ᠡᠮᠨᠡᠭᠦᠯᠦᠭᠰᠡᠨ ᠡᠮᠴᠢᠯᠡᠭᠡᠨ ᠤ ᠪᠠᠶᠢᠭᠤᠯᠤᠮᠵᠢ ᠲᠠᠢ ᠰᠢᠭᠤᠳ ᠪᠣᠯᠵᠣᠭᠰᠠᠨ ᠤ ᠳᠠᠷᠠᠭ᠎ᠠ᠂ ᠪᠠᠶᠢᠭ᠎ᠠ ᠵᠡᠭᠡᠯᠢ ᠭᠤᠳᠤᠮᠵᠢ ᠠᠴᠠ ᠲᠡᠷᠭᠡ ᠲᠣᠮᠢᠯᠠᠨ ᠴᠡᠭ ᠠᠴᠠ ᠴᠡᠭ ᠲᠤ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠡᠮᠨᠡᠭᠦᠯᠵᠦ᠂ ᠡᠮᠨᠡᠭᠦᠯᠵᠦ ᠳᠠᠭᠤᠰᠤᠭᠰᠠᠨ ᠤ ᠳᠠᠷᠠᠭ᠎ᠠ ᠨᠡᠶᠢᠭᠡᠮ ᠲᠣᠭᠤᠷᠢᠭ ᠲᠤᠨᠢ ᠪᠤᠴᠠᠭᠠᠵᠤ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃      ᠳᠥᠷᠪᠡ᠂ ᠲᠥᠪᠯᠡᠷᠡᠭᠦᠯᠦᠨ ᠲᠤᠰᠠᠭᠠᠷᠯᠠᠭᠰᠠᠨ ᠬᠥᠮᠦᠰ ᠢ ᠡᠮᠴᠢᠯᠡᠭᠦᠯᠬᠦ ᠳᠤ᠂ ᠲᠤᠰᠠᠭᠠᠷᠯᠠᠭᠰᠠᠨ ᠴᠡᠭ ᠠᠴᠠ ᠰᠥᠭᠡᠷᠭᠦ ᠳᠠᠷᠤᠯᠲᠠᠲᠤ ᠲᠦᠷᠭᠡᠨ ᠠᠪᠤᠷᠠᠯᠳᠠ ᠶᠢᠨ ᠲᠡᠷᠭᠡ ᠶᠢ ᠳᠣᠭᠢᠷᠠᠭᠤᠯᠤᠨ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠵᠦ ᠡᠮᠨᠡᠭᠦᠯᠦᠨ᠎ᠡ᠂ ᠣᠨᠣᠰᠢᠯᠠᠨ ᠡᠮᠨᠡᠵᠦ ᠳᠠᠭᠤᠰᠤᠭᠰᠠᠨ ᠤ ᠳᠠᠷᠠᠭ᠎ᠠ ᠲᠤᠰᠠᠭᠠᠷᠯᠠᠭᠰᠠᠨ ᠴᠡᠭ ᠲᠤ ᠲᠤᠰᠴᠤ ᠠᠪᠴᠢᠷᠠᠨ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃      ᠲᠠᠪᠤ᠂ ᠳᠤᠮᠳᠠ ᠦᠨᠳᠦᠷ  ᠲᠦᠭᠰᠢᠭᠦᠷᠢᠲᠡᠢ ᠣᠷᠣᠨ ᠤ ᠣᠯᠠᠨ ᠲᠦᠮᠡᠨ ᠡᠪᠡᠳᠴᠢᠨ ᠦᠵᠡᠭᠦᠯᠬᠦ ᠳᠡᠭᠡᠨ ᠪᠠᠶᠢᠭ᠎ᠠ ᠵᠡᠭᠡᠯᠢ ᠭᠤᠳᠤᠮᠵᠢ ᠶᠢᠨ ᠢᠶᠠᠨ ᠤᠲᠠᠰᠤ ᠶᠢ ᠤᠲᠠᠰᠤᠳᠠᠵᠤ᠂ ᠵᠡᠭᠡᠯᠢ ᠭᠤᠳᠤᠮᠵᠢ  ᠠᠴᠠ 120 ᠲᠦᠷᠭᠡᠨ ᠠᠪᠤᠷᠠᠯᠳᠠ ᠶᠢᠨ ᠲᠡᠷᠭᠡ ᠲᠠᠢ ᠬᠠᠷᠢᠯᠴᠠᠵᠤ ᠴᠡᠭ ᠠᠴᠠ ᠴᠡᠭ ᠲᠤ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠬᠦᠷᠭᠡᠵᠦ ᠡᠮᠨᠡᠭᠦᠯᠦᠨ᠎ᠡ᠂ ᠣᠨᠣᠰᠢᠯᠠᠨ ᠡᠮᠨᠡᠵᠦ ᠳᠠᠭᠤᠰᠤᠭᠰᠠᠨ ᠤ ᠳᠠᠷᠠᠭ᠎ᠠ ᠨᠡᠶᠢᠭᠡᠮ ᠲᠣᠭᠤᠷᠢᠭ ᠲᠤ ᠲᠤᠰᠴᠤ ᠠᠪᠠᠴᠢᠨ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃      ᠵᠢᠷᠭᠤᠭ᠎ᠠ᠂ ᠡᠪᠡᠳᠴᠢᠲᠡᠨ ᠡᠮᠨᠡᠯᠭᠡ ᠠᠴᠠ ᠭᠠᠷᠴᠤ ᠭᠡᠷ ᠲᠡᠭᠡᠨ ᠬᠠᠷᠢᠬᠤ ᠳᠤ᠂ ᠡᠮᠨᠡᠯᠭᠡ ᠶᠢᠨ ᠬᠤᠷᠢᠶᠠᠨ ᠤ ᠲᠤᠬᠠᠶ ᠶᠢᠨ ᠡᠳᠦᠷ ᠤᠨ ᠭᠠᠷᠭᠠᠭᠰᠠᠨ ᠡᠮᠨᠡᠯᠭᠡ ᠠᠴᠠ ᠭᠠᠷᠬᠤ ᠦᠨᠡᠮᠯᠡᠯ ᠢᠶᠠᠨ ᠠᠪᠤᠭᠰᠠᠨ ᠢ ᠲᠠᠯᠪᠢᠵᠤ ᠶᠠᠪᠤᠭᠤᠯᠬᠤ ᠬᠡᠷᠡᠭᠲᠡᠢ︔ ᠡᠪᠡᠳᠴᠢᠲᠡᠨ ᠢ ᠲᠤᠰᠴᠤ ᠠᠪᠠᠴᠢᠬᠤ ᠳᠤ᠂ ᠲᠣᠰᠬᠤᠨ ᠭᠠᠴᠠᠭ᠎ᠠ ︵ᠨᠡᠶᠢᠭᠡᠮ ᠲᠣᠭᠤᠷᠢᠭ︶ ᠳᠤ ᠤᠷᠢᠳᠴᠢᠯᠠᠨ ᠮᠡᠳᠡᠭᠦᠯᠵᠦ᠂ ᠲᠣᠰᠬᠤᠨ ᠭᠠᠴᠠᠭ᠎ᠠ ︵ᠨᠡᠶᠢᠭᠡᠮ ᠲᠣᠭᠤᠷᠢᠭ︶ ᠶᠢᠨ ᠠᠯᠪᠠᠨ ᠲᠠᠮᠠᠭ᠎ᠠ ᠶᠢ ᠳᠠᠷᠤᠭᠰᠠᠨ ᠭᠡᠷᠡᠴᠢ ᠪᠠᠨ ᠠᠪᠤᠭᠰᠠᠨ ᠢ ᠳᠠᠩᠰᠠᠯᠠᠭᠰᠠᠨ ᠤ ᠳᠠᠷᠠᠭ᠎ᠠ ᠲᠠᠯᠪᠢᠵᠤ ᠶᠠᠪᠤᠭᠤᠯᠬᠤ ᠬᠡᠷᠡᠭᠲᠡᠢ᠃                               2022 ᠣᠨ ᠤ 11 ᠰᠠᠷ᠎ᠠ ᠶᠢᠨ 8 ᠤ ᠡᠳᠦᠷ
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号