ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠬᠥᠮᠦᠰ ᠤᠨ ᠰᠡᠳᠬᠢᠯ ᠳᠤ | ᠬᠠᠳᠠᠩᠰᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠥᠷᠭᠡᠨ ᠤᠯᠠᠨ ᠲᠦᠮᠡᠨ ᠤ ᠰᠢᠨᠵᠢᠯᠡᠬᠦ ᠤᠬᠠᠭᠠᠨ | ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 23 ᠤ ᠦᠳᠡ ᠶᠢᠨ ᠡᠮᠦᠨ᠎ᠡ᠂ | ᠰᠦᠩᠱᠠᠨ ᠲᠣᠭᠤᠷᠢᠭ ᠤᠨ ︽ ᠰᠢᠨᠵᠢᠯᠡᠬᠦ ᠤᠬᠠᠭᠠᠨ ᠢ ᠤᠶᠢᠯᠠᠭᠠᠵᠤ᠂ ᠲᠠ ᠪᠢᠳᠡ ᠬᠤᠶᠠᠷ ᠬᠠᠮᠲᠤ ᠪᠠᠷ | ᠤᠷᠤᠭᠰᠢᠯᠠᠶ᠎ᠠ︾ ᠭᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠡᠬᠢᠯᠡᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ | ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠶᠡᠷᠦ ᠶᠢᠨ | ᠮᠡᠳᠡᠯᠭᠡ ᠶᠢᠨ ᠭᠠᠷ ᠳᠡᠪᠲᠡᠷ ᠲᠠᠷᠬᠠᠭᠠᠬᠤ᠂ ᠠᠵᠢᠯᠳᠠᠨ ᠲᠤᠬᠠᠢ ᠶᠢᠨ ᠲᠠᠯᠠᠪᠠᠢ ᠳᠤ ᠲᠠᠶᠢᠯᠤᠮᠵᠢ ᠬᠢᠬᠦ ᠵᠡᠷᠭᠡ ᠠᠷᠭ᠎ᠠ | ᠬᠡᠯᠪᠡᠷᠢ ᠪᠠᠷ ᠬᠤᠳᠠ ᠶᠢᠨ ᠠᠷᠠᠳ ᠲᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠭᠤᠯᠬᠤ᠂ ᠭᠠᠯ | ᠤᠨᠲᠠᠷᠠᠭᠠᠬᠤ ᠶᠢᠨ ᠠᠮᠤᠷ ᠲᠦᠪᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠢᠳᠡᠭᠡᠨ ᠤ ᠠᠮᠤᠷ | ᠲᠦᠪᠰᠢᠨ ᠵᠡᠷᠭᠡ ᠮᠡᠳᠡᠯᠭᠡ ᠶᠢ ᠲᠦᠭᠡᠮᠵᠢᠯᠡᠭᠦᠯᠪᠡ᠃ | ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ | ᠭᠠᠷᠠᠭ ᠨᠢ ︽ᠰᠢᠨᠵᠢᠯᠡᠬᠦ ᠤᠬᠠᠭᠠᠨ ᠢ ᠤᠶᠢᠯᠠᠭᠠᠵᠤ᠂ ᠲᠠ ᠪᠢᠳᠡ ᠬᠤᠶᠠᠷ ᠬᠠᠮᠲᠤ ᠪᠠᠷ ᠤᠷᠤᠭᠰᠢᠯᠠᠶ᠎ᠠ︾ ᠬᠡᠭᠦ ᠪᠠᠷ | ᠭᠤᠤᠯ ᠰᠡᠳᠦᠪ ᠪᠤᠯᠭᠠᠵᠤ᠂ ᠣᠯᠠᠨ ᠲᠦᠮᠡᠨᠴᠢ ᠴᠢᠨᠠᠷᠲᠠᠶ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢ | ᠵᠣᠬᠢᠶᠠᠨ ᠪᠠᠶᠢᠭᠤᠯᠬᠤ ᠪᠠᠷ ᠳᠠᠮᠵᠢᠭᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ | ᠬᠦᠴᠦᠨ ᠢ ᠬᠥᠭᠵᠢᠭᠡᠵᠦ᠂ ᠪᠥᠬᠦ ᠨᠡᠶᠢᠭᠡᠮ ᠢᠶᠠᠷ ᠢᠶᠠᠨ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ | ᠬᠠᠶᠢᠷᠠᠯᠠᠬᠤ᠂ ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠡᠷᠡᠭᠯᠡᠬᠦ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠬᠤ ᠶᠢ ᠳᠥᠯᠭᠢᠨ ᠠᠬᠢᠭᠤᠯᠬᠤ ᠶᠢᠨ ᠲᠥᠯᠥᠭᠡ ᠶᠤᠮ᠃ |