ᠤᠯᠤᠰ ᠤᠨ ᠡᠳ᠋ ᠤᠨ ᠵᠠᠰᠠᠭ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ ᠲᠦᠷᠦᠭᠦᠬᠡᠨ ︽ᠳᠤᠮᠳᠠᠳᠤ | ᠪᠠᠭ᠎ᠠ ᠰᠤᠷᠭᠠᠭᠤᠯᠢ ᠶᠢᠨ ᠡᠳ᠋ ᠤᠨ ᠶᠠᠪᠤᠳᠠᠯ ᠤᠨ ᠲᠦᠷᠢᠮ︾ ᠳᠤ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭᠠᠵᠤ᠂ | ᠬᠢᠴᠢᠶᠡᠯ ᠤᠨ ᠳᠠᠷᠠᠭᠠᠬᠢ ᠦᠢᠯᠡᠴᠢᠯᠡᠭᠡ ᠵᠡᠷᠭᠡ ᠦᠢᠯᠡᠴᠢᠯᠡᠭᠡᠨ ᠤ ᠴᠢᠨᠠᠷᠲᠠᠶ ᠰᠦᠢᠳᠬᠡᠯ ᠬᠤᠷᠢᠶᠠᠯᠲᠠ ᠶᠢᠨ | ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶ ᠲᠣᠭᠲᠠᠭᠠᠨ᠂ ᠳᠤᠮᠳᠠᠳᠤ ᠪᠠᠭ᠎ᠠ ᠰᠤᠷᠭᠠᠭᠤᠯᠢ ᠶᠢ | ᠨᠡᠮᠡᠭᠳᠡᠭᠦᠯᠬᠦ ᠳᠡᠭᠡᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠬᠡᠪᠴᠢᠶ᠎ᠡ ᠶᠢ ᠥᠷᠭᠡᠳᠬᠡᠵᠦ ᠪᠣᠯᠬᠤ ᠥᠬᠡᠶ᠂ | ᠰᠦᠢᠳᠬᠡᠯ ᠬᠤᠷᠢᠶᠠᠬᠤ ᠵᠦᠢᠯᠡᠰ ᠢ ᠨᠡᠮᠡᠭᠳᠡᠭᠦᠯᠵᠦ ᠪᠣᠯᠬᠤ ᠥᠬᠡᠶ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ | ᠳᠡᠭᠡᠭᠰᠢᠯᠡᠭᠦᠯᠬᠦ ᠲᠤᠬᠠᠶ ᠴᠠᠭᠠᠵᠠᠯᠠᠬᠤ ᠴᠢᠨᠠᠷᠲᠠᠶ ᠲᠣᠭᠲᠠᠭᠠᠯ ᠢ ᠲᠣᠭᠲᠠᠭᠠᠵᠠᠶ᠃ | ︵ᠮᠡᠳᠡᠭᠡ ᠵᠠᠩᠭᠢ ᠶᠢᠨ ᠢᠷᠡᠯᠲᠡ᠄ ᠡᠳ᠋ ᠤᠨ ᠵᠠᠰᠠᠭ ᠤᠨ ᠶᠠᠮᠤᠨ︶ |