12 ᠰᠠᠷ᠎ᠠ ᠶᠢᠨ 12 ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠵᠢᠶᠠᠩ ᠼᠦᠩ 2022 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ | ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠭᠤᠷᠢᠭ ᠤᠨ ᠤᠳᠤᠷᠢᠳᠤᠯᠭ᠎ᠠ ᠵᠦᠩ ᠴᠢᠩ ᠰᠦᠩ᠂ ᠹᠦ᠋ ᠴᠢᠶᠠᠩ᠂ | ᠯᠢᠦ ᠰᠢᠤᠸᠠᠢ ᠴᠢᠨ᠂ ᠵᠤᠤ ᠶᠠ ᠳ᠋ᠦᠩ᠂ ᠰᠦᠩ ᠳ᠋ᠡ ᠹᠦ᠋᠂ ᠰᠦᠨ ᠯᠢ ᠸᠧᠨ᠂ ᠵᠦ ᠰᠢᠶᠤᠤ ᠯᠸᠢ᠂ ᠯᠢ ᠰᠢᠶᠠᠨ | ᠹᠦ᠋ ᠬᠤᠷᠠᠯ ᠳᠤ ᠣᠷᠣᠯᠴᠠᠪᠠ᠃ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ | ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ | ᠬᠤᠷᠠᠯ ᠳᠡᠭᠡᠷ᠎ᠡ᠂ 6 ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ 4 ᠵᠡᠭᠡᠯᠢ ᠭᠤᠳᠤᠮᠵᠢ ᠶᠢᠨ | ᠨᠠᠮ ᠤᠨ ᠠᠵᠢᠯᠯᠠᠬᠤ ᠬᠤᠷᠢᠶᠠᠨ ᠤ ᠱᠦᠵᠢ᠂ 2 ᠲᠤᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠪᠣᠯᠤᠨ 1 ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ | ᠬᠤᠷᠢᠶᠠᠨ ᠤ ᠱᠦᠵᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠮᠡᠳᠡᠭᠦᠯᠦᠯᠲᠡ ᠬᠢᠵᠡᠢ᠃ | ᠲᠤᠰᠢᠶᠠᠯ ᠤᠨ ᠮᠡᠳᠡᠭᠦᠯᠦᠯᠲᠡ ᠶᠢᠨ ᠵᠥᠪᠯᠡᠯᠭᠡᠨ ᠤ ᠬᠤᠷᠠᠯ ᠨᠢ ︽ᠨᠢᠭᠡ ᠶᠢ ᠲᠣᠭᠠᠴᠢᠵᠤ ᠨᠢᠭᠡ ᠶᠢ ᠦᠨᠡᠯᠡᠬᠦ︾ | ᠠᠷᠭ᠎ᠠ ᠶᠢ ᠠᠪᠴᠤ᠂ ᠵᠢᠶᠠᠩ ᠼᠦᠩ ᠨᠢᠭᠡᠳ ᠨᠢᠭᠡ ᠪᠠᠷ ᠦᠨᠡᠯᠡᠯᠲᠡ ᠬᠢᠵᠦ᠂ ᠬᠤᠷᠠᠯ ᠳᠤ ᠣᠷᠣᠯᠴᠠᠭᠰᠠᠳ | ᠲᠤᠰᠢᠶᠠᠯ ᠤᠨ ᠮᠡᠳᠡᠭᠦᠯᠦᠯᠲᠡ ᠬᠢᠭᠰᠡᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ | ᠱᠦᠵᠢ ᠶᠢ ᠰᠢᠯᠭᠠᠨ ᠦᠨᠡᠯᠡᠪᠡ᠃ | ᠵᠢᠶᠠᠩ ᠼᠦᠩ ᠵᠢᠭᠠᠵᠤ ᠭᠠᠷᠭᠠᠭᠰᠠᠨ ᠨᠢ᠂ 2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ | ᠬᠤᠷᠠᠯᠳᠤᠭᠰᠠᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠤᠷᠢᠳᠤᠬᠢ ᠶᠢ | ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠴᠢᠬᠤᠯᠠ ᠨᠢᠭᠡ ᠵᠢᠯ ᠮᠥᠨ᠃ ᠨᠢᠭᠡ ᠵᠢᠯ ᠤᠨ ᠲᠤᠷᠰᠢ᠂ ᠬᠤᠳᠠ ᠶᠢᠨ | ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠲᠡᠷᠢᠭᠦᠨ ᠴᠢᠬᠤᠯᠠ ᠡᠭᠦᠷᠭᠡ | ᠪᠣᠯᠭᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠢᠮᠠᠭᠲᠠ ᠴᠢᠩᠭ᠎ᠠ ᠬᠦᠴᠦᠲᠡᠢ ᠠᠬᠢᠭᠤᠯᠵᠤ᠂ ᠪᠦᠬᠦ | ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠭᠦᠷᠭᠡ ᠬᠠᠷᠢᠭᠤᠴᠠᠯᠭ᠎ᠠ ᠪᠠᠨ ᠡᠷᠡᠰ | ᠡᠭᠦᠷᠭᠡᠯᠡᠵᠦ᠂ ᠢᠯᠡᠳᠲᠡ ᠦᠷ᠎ᠡ ᠪᠦᠲᠦᠮᠵᠢ ᠣᠯᠵᠠᠢ᠃ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠬᠦᠴᠦᠲᠡᠶ | ᠪᠥᠭᠡᠳ ᠡᠮᠬᠢ ᠳᠢᠭᠯᠢᠮ ᠲᠠᠢ ᠠᠬᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ | ᠪᠠᠶᠢᠭᠤᠯᠤᠯᠲᠠ ᠶᠢ ᠠᠳᠬᠤᠬᠤ ᠬᠠᠷᠢᠭᠤᠴᠠᠯᠭ᠎ᠠ ᠶᠢᠨ ᠰᠢᠰᠲ᠋ᠧᠮ ᠨᠡᠩ ᠲᠡᠭᠦᠯᠳᠡᠷᠵᠢᠵᠦ᠂ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ ᠢᠯᠡᠳᠲᠡ ᠴᠢᠩᠭᠠᠷᠠᠵᠤ᠂ ᠡᠯ᠎ᠡ | ᠬᠦᠷᠢᠶᠡᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠦᠬᠦ ᠲᠠᠯ᠎ᠠ ᠪᠠᠷ ᠳᠠᠪᠰᠢᠵᠤ᠂ ᠪᠦᠬᠦ ᠲᠣᠭᠤᠷᠢᠭ ᠤᠨ | ᠪᠠᠷᠢᠮᠵᠢᠶᠠᠵᠢᠭᠰᠠᠨ ᠵᠢᠷᠤᠮᠵᠢᠭᠰᠠᠨ ᠨᠠᠮ ᠤᠨ ᠡᠭᠦᠷ ᠪᠣᠯᠤᠨ ︽ᠬᠠᠮᠤᠭ ᠤᠨ ᠬᠦᠴᠦᠷᠬᠡᠭ ᠨᠠᠮ ᠤᠨ ᠡᠭᠦᠷ︾ ᠢ | ᠡᠭᠦᠳᠦᠨ ᠪᠠᠶᠢᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠺᠠᠳ᠋ᠷᠴᠤᠳ ᠤᠨ ᠰᠤᠷᠲᠠᠯ ᠢᠯᠡᠳᠲᠡ | ᠰᠠᠶᠢᠵᠢᠷᠠᠵᠤ᠂ ᠤᠯᠤᠰ ᠲᠦᠷᠦ ᠶᠢᠨ ᠠᠮᠢ ᠠᠬᠤᠢ ᠨᠡᠩ ᠴᠡᠪᠡᠷ ᠲᠤᠩᠭᠠᠯᠠᠭ ᠪᠤᠯᠵᠤ᠂ ᠠᠵᠢᠯ ᠬᠢᠵᠦ ᠦᠢᠯᠡᠰ | ᠪᠤᠰᠬᠠᠬᠤ ᠬᠠᠯᠠᠭᠤᠨ ᠰᠡᠳᠬᠢᠯᠭᠡ ᠨᠡᠩ ᠣᠷᠭᠢᠯᠣᠨ ᠪᠠᠳᠠᠷᠠᠵᠠᠢ᠃ | ᠵᠢᠶᠠᠩ ᠼᠦᠩ ᠴᠢᠬᠤᠯᠠᠴᠢᠯᠠᠭᠰᠠᠨ ᠨᠢ᠂ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠬᠤᠯᠠ ᠠᠴᠢ | ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢ ᠬᠠᠮᠤᠭ ᠤᠨ ᠶᠡᠭᠡ | ᠠᠵᠢᠯ ᠤᠨ ᠪᠦᠲᠦᠮᠵᠢ ᠪᠣᠯᠭᠠᠵᠤ᠂ ᠦᠵᠡᠯ ᠰᠠᠨᠠᠭᠠᠨ ᠤ ᠲᠠᠯ᠎ᠠ ᠪᠠᠷ ᠳᠠᠬᠢᠨ ᠲᠠᠨᠢᠵᠤ ᠳᠠᠬᠢᠨ ᠳᠡᠭᠡᠭᠰᠢᠯᠡᠭᠦᠯᠬᠦ | ᠬᠡᠷᠡᠭᠲᠡᠶ᠃ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠪᠣᠯ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠪᠠᠶᠢᠪᠠᠰᠤ ᠵᠣᠬᠢᠬᠤ ᠠᠭᠤᠯᠭ᠎ᠠ ᠮᠥᠨ᠂ ᠰᠢᠨ᠎ᠡ ᠪᠠᠶᠢᠷᠢ | ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠰᠠᠭᠤᠷᠢ ᠮᠥᠨ᠂ | ᠪᠦᠬᠦ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ᠬᠠᠷᠢᠭᠤᠴᠠᠯᠭ᠎ᠠ ᠮᠥᠨ᠃ ᠦᠨᠳᠦᠰᠦᠨ ᠱᠠᠳᠤ ᠶᠢ ᠶᠡᠬᠡᠪᠡᠷ ᠠᠳᠬᠤᠬᠤ ᠢᠯᠡ | ᠲᠣᠳᠣ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢᠨ ᠡᠷᠴᠢᠮ ᠢ ᠦᠷᠭᠦᠯᠵᠢᠯᠡᠨ ᠴᠢᠩᠭᠠᠳᠬᠠᠵᠤ᠂ ᠪᠦᠬᠦ ᠲᠣᠭᠤᠷᠢᠭ ᠤᠨ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠳᠠᠪᠰᠢᠬᠤ᠂ ᠪᠦᠬᠦ ᠲᠠᠯ᠎ᠠ ᠪᠠᠷ ᠰᠢᠯᠭᠠᠷᠠᠬᠤ ᠶᠢ ᠲᠠᠰᠤᠷᠠᠯᠲᠠ ᠦᠭᠡᠢ | ᠠᠬᠢᠭᠤᠯᠬᠤ ᠬᠡᠷᠡᠭᠲᠡᠢ᠃ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠪᠠ | ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠠᠵᠢᠯ ᠤᠨ ᠲᠣᠭᠲᠠᠴᠠ ᠪᠠ ᠪᠠᠲᠤᠯᠠᠭ᠎ᠠ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠲᠤᠤᠱᠯᠠᠭᠤᠯᠬᠤ ᠬᠡᠷᠡᠭᠲᠡᠢ᠃ | ᠵᠢᠶᠠᠩ ᠼᠦᠩ ᠴᠢᠬᠤᠯᠠᠴᠢᠯᠠᠭᠰᠠᠨ ᠨᠢ᠂ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠶᠢ ᠦᠨᠳᠦᠰᠦᠨ | ᠱᠠᠳᠤ ᠲᠡᠰᠢ ᠤᠷᠲᠤᠳᠬᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠦᠭᠡᠢ | ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠲᠣᠳᠣᠷᠬᠠᠢ ᠣᠶᠢᠯᠠᠭᠠᠵᠤ᠂ ᠬᠠᠷᠢᠭᠤᠴᠠᠯᠭ᠎ᠠ ᠪᠠᠨ ᠭᠦᠢᠴᠡᠳᠬᠡᠵᠦ᠂ | ᠠᠳᠠᠯᠢ ᠪᠤᠰᠤ ᠲᠡᠰ ᠳᠠᠪᠬᠤᠷᠭ᠎ᠠ᠂ ᠠᠳᠠᠯᠢ ᠪᠤᠰᠤ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ | ᠭᠤᠣᠯ ᠴᠣᠭᠴᠠ ᠳᠤ ᠴᠢᠭᠯᠡᠭᠦᠯᠵᠦ᠂ ᠨᠠᠶᠢᠳᠠᠪᠤᠷᠢᠵᠢᠭᠤᠯᠵᠤ ᠪᠣᠯᠬᠤ᠂ ᠬᠠᠷᠢᠴᠠᠭᠤᠯᠵᠤ ᠪᠣᠯᠬᠤ᠂ ᠮᠠᠭᠠᠳᠯᠠᠨ | ᠲᠣᠭᠲᠠᠭᠠᠵᠤ ᠪᠣᠯᠬᠤ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ | ᠬᠠᠮᠵᠢᠯᠴᠠᠨ ᠬᠦᠴᠦᠯᠡᠵᠦ᠂ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠲᠤᠰ | ᠪᠡᠶ᠎ᠡ ᠶᠢᠨ ᠡᠭᠦᠷᠭᠡ ᠴᠢᠳᠠᠪᠬᠢ ᠠᠴᠠ ᠪᠠᠨ ᠡᠭᠦᠰᠴᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠳᠡᠮᠵᠢᠬᠦ | ᠠᠵᠢᠯ ᠳᠡᠭᠡᠷ᠎ᠡ ᠠᠵᠢᠯᠯᠠᠭ᠎ᠠ ᠲᠠᠢ᠂ ᠦᠷ᠎ᠡ ᠪᠦᠲᠦᠮᠵᠢ ᠲᠠᠢ ᠪᠠᠶᠢᠵᠤ᠂ ᠪᠦᠬᠦ ᠲᠣᠭᠤᠷᠢᠭ ᠤᠨ ᠵᠡᠷᠭᠡᠪᠡᠷ ᠠᠳᠬᠤᠵᠤ | ᠬᠠᠮᠲᠤᠪᠠᠷ ᠬᠠᠮᠢᠶᠠᠷᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠳᠤᠲᠠᠭᠤᠳᠠᠯ ᠢ | ᠪᠠᠶᠢᠴᠠᠭᠠᠨ ᠳᠤᠲᠠᠭᠤᠳᠠᠯ ᠢ ᠨᠥᠬᠦᠪᠥᠷᠢᠯᠡᠵᠦ᠂ ᠵᠢᠷᠤᠮᠵᠢᠭᠤᠯᠤᠨ ᠳᠡᠭᠡᠭᠰᠢᠯᠡᠭᠦᠯᠵᠦ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ︽ᠳᠤᠲᠠᠭᠤᠳᠠᠯ︾ ᠳᠤ ᠴᠢᠭᠯᠡᠭᠦᠯᠦᠨ ᠬᠢᠴᠢᠶᠡᠯ ᠨᠥᠬᠦᠪᠥᠷᠢᠯᠡᠬᠦ ᠶᠢ | ᠠᠳᠬᠤᠵᠤ᠂ ︽ᠳᠤᠲᠠᠭᠤᠳᠠᠯ︾ ᠳᠤ ᠴᠢᠭᠯᠡᠭᠦᠯᠦᠨ ᠳᠡᠭᠡᠭᠰᠢᠯᠡᠭᠦᠯᠬᠦ ᠶᠢ ᠠᠳᠬᠤᠵᠤ᠂ ︽ᠡᠮᠵᠡᠭ ᠲᠠᠯ᠎ᠠ︾ ᠳᠤ | ᠴᠢᠭᠯᠡᠭᠦᠯᠦᠨ ᠦᠨᠳᠦᠰᠦ ᠶᠢ ᠪᠠᠬᠢᠵᠢᠭᠦᠯᠬᠦ ᠶᠢ ᠠᠳᠬᠤᠵᠤ᠂ ᠠᠵᠢᠯ ᠢᠶᠠᠨ ᠦᠨᠡᠨᠬᠦ ᠰᠠᠶᠢᠲᠤᠷ ᠬᠢᠵᠦ | ᠪᠣᠳᠠᠲᠠᠶᠢᠵᠢᠭᠤᠯᠬᠤ ᠬᠡᠷᠡᠭᠲᠡᠢ᠃ | ᠵᠢᠶᠠᠩ ᠼᠦᠩ ᠱᠠᠭᠠᠷᠳᠠᠭᠰᠠᠨ ᠨᠢ᠂ ᠪᠦᠬᠦ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠲᠤᠰ ᠤᠳᠠᠭ᠎ᠠ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠢᠶᠠᠷ ᠡᠬᠢᠯᠡᠯᠲᠡ ᠶᠢᠨ ᠴᠡᠭ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠠᠮ ᠤᠨ ᠦᠢᠯᠡᠰ ᠲᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠤᠯᠤᠰ ᠲᠦᠷᠦ ᠶᠢᠨ | ᠬᠠᠷᠢᠭᠤᠴᠠᠯᠭ᠎ᠠ ᠪᠠᠷ᠂ ᠡᠭᠦᠷᠢᠳᠡ ᠵᠤᠭᠰᠤᠰᠢ ᠦᠭᠡᠢ ᠬᠠᠳᠠᠨ ᠵᠣᠷᠢᠭ ᠢᠶᠠᠷ᠂ ᠨᠠᠮ ᠤᠨ ᠪᠠᠶᠢᠭᠤᠯᠤᠯᠲᠠ ᠶᠢᠨ | ᠠᠵᠢᠯ ᠤᠨ ᠬᠠᠷᠢᠭᠤᠴᠠᠯᠭ᠎ᠠ ᠶᠢ ᠯᠠᠪᠳᠠᠭᠤᠨ ᠪᠠᠲᠤᠲᠠᠢ ᠡᠭᠦᠷᠭᠡᠯᠡᠵᠦ᠂ ᠪᠠᠶᠠᠨ ᠬᠦᠴᠦᠷᠬᠡᠭ᠂ ᠪᠣᠯᠪᠠᠰᠤᠨ᠂ ᠡᠶ᠎ᠡ | ᠵᠣᠬᠢᠴᠠᠩᠭᠤᠢ᠂ ᠦᠵᠡᠰᠬᠦᠯᠡᠩᠲᠦ ᠰᠠᠶᠢᠬᠠᠨ ᠰᠢᠨ᠎ᠡ ᠰᠦᠩᠱᠠᠨ ᠢ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ | ᠲᠡᠮᠡᠴᠡᠬᠦ ᠬᠡᠷᠡᠭᠲᠡᠢ᠃ |