12 ᠰᠠᠷ᠎ᠠ ᠶᠢᠨ 13 ᠤ ᠡᠳᠦᠷ᠂ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠵᠧᠩ ᠸᠧᠢ ᠤᠯᠠᠨ | ᠤᠯᠤᠰ ᠤᠨ ᠪᠦᠯᠦᠭᠯᠡᠯ ᠲᠠᠢ ᠤᠯᠠᠭᠠᠨᠬᠠᠳᠠ ᠶᠢᠨ ᠲᠡᠮᠦᠷᠯᠢᠭ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠬᠦᠷᠢᠶᠡᠯᠡᠩ ᠤᠨ ᠲᠦᠷᠦᠯ ᠵᠦᠢᠯ ᠤᠨ ᠲᠤᠬᠠᠢ ᠵᠧᠩ ᠸᠧᠢ ᠤᠯᠠᠨ ᠤᠯᠤᠰ ᠤᠨ ᠪᠦᠯᠦᠭᠯᠡᠯ ᠤᠨ ᠱᠧᠨᠵᠧᠨ ᠤ | ᠶᠡᠷᠦᠩᠬᠡᠢ ᠭᠠᠵᠠᠷ ᠲᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠠᠢ᠃ ᠬᠤᠳᠠ ᠶᠢᠨ ᠨᠠᠮ ᠤᠨ ᠬᠤᠷᠢᠶ᠎ᠠ ᠶᠢᠨ | ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠸᠠᠩ ᠱᠧᠩ᠂ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ | ᠵᠤᠤ ᡁᠢ ᠭᠠᠩ᠂ ᠵᠧᠩ ᠸᠧᠢ ᠤᠯᠠᠨ ᠤᠯᠤᠰ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠲᠤᠪᠴᠢᠶ᠎ᠠ ᠶᠢᠨ | ᠲᠡᠷᠢᠭᠦᠯᠡᠭᠴᠢ ᠸᠠᠩ ᠸᠧᠨ ᠶᠢᠨ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ᠂ ᠲᠣᠭᠤᠷᠢᠭ ᠤᠨ ᠤᠳᠤᠷᠢᠳᠤᠯᠭ᠎ᠠ ᠯᠢᠶᠠᠩ | ᠮᠢᠩ ᠽᠧ ᠨᠠᠷ ᠶᠣᠰᠣᠯᠠᠯ ᠳᠤ ᠣᠷᠣᠯᠴᠠᠪᠠ᠃ | | ᠵᠧᠩ ᠸᠧᠢ ᠤᠯᠠᠨ ᠤᠯᠤᠰ ᠤᠨ ᠪᠦᠯᠦᠭᠯᠡᠯ ᠪᠣᠯ ᠰᠢᠨ᠎ᠡ ᠨᠢᠭᠡ ᠦᠶ᠎ᠡ ᠶᠢᠨ ᠡᠯᠧᠺᠲᠷᠣᠨ ᠮᠡᠳᠡᠭᠡ ᠵᠠᠩᠭᠢ | ᠪᠣᠯᠤᠨ ᠰᠢᠨ᠎ᠡ ᠮᠠᠲ᠋ᠧᠷᠢᠶᠠᠯ ᠤᠨ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠪᠠᠷ ᠭᠤᠣᠯ ᠪᠣᠯᠭᠠᠭᠰᠠᠨ ᠳᠡᠭᠡᠳᠦ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠪᠦᠯᠦᠭᠯᠡᠯ ᠪᠣᠯᠤᠨ᠎ᠠ᠂ 2022 ᠣᠨ ᠤ ᠳᠡᠯᠡᠬᠡᠢ ᠶᠢᠨ | 500 ᠬᠦᠴᠦᠷᠬᠡᠭ ᠤᠨ 76 ᠳ᠋ᠤᠭᠠᠷ ᠲᠤ ᠵᠢᠭᠰᠠᠭᠠᠭᠳᠠᠵᠤ᠂ ᠳᠤᠮᠳᠠᠳᠤ ᠤᠯᠤᠰ ᠤᠨ ᠦᠢᠯᠡᠳᠬᠦ ᠦᠢᠯᠡᠰ ᠤᠨ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 500 ᠬᠦᠴᠦᠷᠬᠡᠭ ᠤᠨ1ᠳ᠋ᠦ᠋ᠭᠡᠷ ᠲᠤ ᠵᠢᠭᠰᠠᠭᠠᠭᠳᠠᠪᠠ᠃ ᠲᠤᠰ | ᠤᠳᠠᠭᠠᠨ ᠤ ᠰᠦᠩᠱᠠᠨ ᠲᠣᠭᠤᠷᠢᠭ ᠲᠠᠢ ᠭᠡᠷ᠎ᠡ ᠲᠤᠭᠲᠠᠭᠰᠠᠨ ᠲᠥᠷᠥᠯ ᠵᠦᠢᠯ ᠳᠤ ᠨᠡᠶᠢᠲᠡ 90 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠡᠭᠦᠨ ᠳᠤ ᠤᠯᠠᠭᠠᠨᠬᠠᠳᠠ ᠶᠢᠨ ᠲᠡᠮᠦᠷᠯᠢᠭ ᠤᠨ ᠰᠢᠨ᠎ᠡ | ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠳᠤ 80 ᠳ᠋ᠦᠩᠰᠢᠭᠤᠷ ᠲᠥᠭᠦᠷᠢᠭ ᠤᠨ | ᠪᠠᠯᠠ ᠣᠷᠣᠭᠤᠯᠬᠤ ᠪᠠᠷ ᠲᠥᠯᠥᠪᠯᠡᠵᠦ ᠪᠣᠶ᠂ ᠡᠭᠦᠨ ᠳᠤ ᠭᠤᠤᠯ ᠪᠣᠯᠬᠤ ᠦᠢᠯᠡᠳᠬᠦᠨ ᠨᠢ ᠳᠣᠤᠷ᠎ᠠ | ᠬᠦᠴᠢᠯᠲᠥ᠋ᠷᠥᠭᠴᠢᠲᠦ ᠵᠡᠰ ᠰᠠᠪᠠᠭ᠎ᠠ᠂ ᠨᠠᠷᠢᠯᠢᠭ ᠤᠲᠠᠰᠤ ᠳᠡᠭᠡᠰᠦ᠂ ᠨᠠᠨᠤ᠋ ᠶᠢᠨ ᠵᠡᠰ ᠨᠤᠨᠲᠠᠭ᠂ ᠡᠯᠧᠺᠲᠷᠣᠨ ᠵᠡᠰ | ᠴᠠᠭᠠᠰᠤ᠂ ᠨᠤᠭᠤᠷᠠᠮᠠᠬᠠᠢ ᠵᠡᠰ ᠬᠠᠪᠲᠠᠰᠤ ᠵᠡᠷᠭᠡ ᠪᠣᠯᠤᠨ᠎ᠠ᠂ ᠲᠣᠰ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ | ᠮᠠᠨ ᠤ ᠬᠤᠲᠠ ᠶᠢᠨ ᠤᠯᠠᠮᠵᠢᠯᠠᠯᠲᠤ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ᠂ | ᠪᠦᠲᠦᠴᠡ ᠶᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠵᠤ᠂ ᠠᠵᠤ | ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠪᠥᠬᠦ ᠲᠠᠯ᠎ᠠ ᠪᠠᠷ ᠦᠢᠯᠡᠳᠪᠦᠷᠢᠯᠡᠭᠰᠡᠨ ᠤ ᠳᠠᠷᠠᠭ᠎ᠠ 250 | ᠳ᠋ᠦᠩᠰᠢᠭᠤᠷ ᠲᠥᠭᠦᠷᠢᠭ ᠤᠨ ᠵᠢᠯ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ ᠳᠡᠶᠢᠯᠦᠨ᠎ᠡ︔ ᠵᠧᠩ ᠸᠧᠶ ᠶᠢᠨ | ᠤᠯᠠᠭᠠᠨᠬᠠᠳᠠ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠲᠥᠷᠥᠯ ᠵᠦᠢᠯ ᠳᠤ 10 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠬᠤ ᠪᠠᠷ ᠲᠥᠯᠥᠪᠯᠡᠵᠦ ᠪᠣᠶ᠂ ᠲᠥᠷᠥᠯ ᠵᠦᠢᠯ ᠳᠤ ᠮᠠᠨ ᠤ ᠬᠤᠲᠠ ᠵᠢᠴᠢ ᠡᠷᠬᠢᠨ ᠲᠣᠭᠤᠷᠢᠨ ᠤ | ᠲᠡᠮᠦᠷᠯᠢᠭ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠳᠡᠭᠡᠳᠦ ᠳᠣᠤᠷᠠᠳᠤ ᠤᠷᠤᠰᠬᠠᠯ ᠤᠨ ᠠᠵᠤ ᠠᠬᠤᠶᠢᠯᠠᠯ | ᠪᠠ ᠲᠡᠮᠦᠷᠯᠢᠭ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ | ᠂ ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠰᠢᠰᠲ᠋ᠧᠮᠵᠢ ᠶᠢ ᠪᠣᠶ | ᠪᠣᠯᠭᠠᠵᠤ᠂ ᠠᠵᠤ ᠦᠢᠯᠡᠰ ᠤᠨ ᠲᠥᠪᠯᠡᠷᠡᠯ᠂ ᠲᠥᠪᠯᠡᠷᠡᠩᠭᠦᠶ ᠬᠥᠭᠵᠢᠯᠲᠡ ᠶᠢ ᠦᠨᠡᠨᠬᠦ ᠪᠡᠶᠡᠯᠡᠭᠦᠯᠵᠦ᠂ | ᠬᠠᠩᠭᠠᠯᠭ᠎ᠠ ᠶᠢᠨ ᠬᠡᠯᠬᠢᠶ᠎ᠡ ᠶᠢᠨ ᠲᠥᠷᠥᠯ ᠵᠦᠢᠯ ᠤᠨ ᠵᠢᠯ ᠤᠨ ᠡᠵᠡᠩᠨᠡᠯᠲᠡ ᠶᠢᠨ ᠣᠷᠣᠯᠭ᠎ᠠ 100 ᠳ᠋ᠦᠩᠰᠢᠭᠤᠷ | ᠲᠥᠭᠦᠷᠢᠭ ᠢ ᠳᠠᠪᠠᠭ᠋ᠤ ᠪᠠᠷ ᠵᠢᠱᠢᠵᠦ ᠪᠣᠶ᠃ | ᠵᠦᠩ ᠴᠢᠩ ᠰᠦᠩ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ | ᠲᠥᠯᠥᠭᠡᠯᠡᠨ ᠵᠧᠩ ᠸᠧᠢ ᠤᠯᠠᠨ ᠤᠯᠤᠰ ᠤᠨ ᠪᠦᠯᠦᠭᠯᠡᠯ ᠤᠨ ᠰᠦᠩᠱᠠᠨ ᠳᠤ ᠢᠷᠡᠵᠦ ᠪᠡᠯᠡ ᠣᠷᠣᠭᠤᠯᠤᠨ ᠦᠢᠯᠡᠰ | ᠪᠤᠰᠬᠠᠬᠤ ᠶᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠬᠤᠳᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠤᠯᠠᠨ ᠵᠢᠯ ᠤᠨ ᠲᠤᠷᠰᠢ ᠰᠦᠩᠱᠠᠨ ᠲᠣᠭᠤᠷᠢᠭ ᠢ ᠬᠠᠯᠠᠮᠵᠢᠯᠠᠨ ᠳᠡᠮᠵᠢᠭᠰᠡᠨ ᠳᠤ ᠴᠢᠩ | ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠵᠦᠩ ᠴᠢᠩ ᠰᠦᠩ᠂ ᠰᠦᠩᠱᠠᠨ | ᠲᠣᠭᠤᠷᠢᠭ ᠤᠨ ᠬᠢᠨ ᠵᠧᠩ ᠸᠧᠢ ᠤᠯᠠᠨ ᠤᠯᠤᠰ ᠤᠨ ᠪᠦᠯᠦᠭᠯᠡᠯ ᠢ ᠬᠠᠮᠤᠭ ᠤᠨ ᠴᠢᠬᠤᠯᠠ ᠪᠠᠶᠢᠯᠳᠤᠬᠤ | ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠢᠶᠠᠷ ᠦᠵᠡᠵᠦ᠂ ᠲᠦᠷᠦᠯ ᠵᠦᠢᠯ ᠢ ᠠᠬᠢᠭᠤᠯᠤᠨ ᠬᠡᠷᠡᠭᠵᠢᠭᠦᠯᠬᠦ ᠳᠤ | ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ᠂ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠬᠤ ᠪᠠᠷ | ᠴᠢᠷᠮᠠᠶᠢᠨ᠎ᠠ ᠭᠡᠵᠦ ᠢᠯᠡᠳᠬᠡᠪᠡ᠃ ᠡᠭᠦᠨ ᠤ ᠵᠡᠷᠭᠡᠪᠡᠷ᠂ ᠵᠧᠩ ᠸᠧᠢ ᠤᠯᠠᠨ ᠤᠯᠤᠰ ᠤᠨ ᠪᠦᠯᠦᠭᠯᠡᠯ ᠤᠨ ᠬᠢᠨ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠰᠤᠳᠤᠯᠤᠨ ᠨᠡᠭᠡᠭᠡᠬᠦ | ᠪᠠᠶᠢᠭᠤᠯᠤᠮᠵᠢ ᠪᠠᠨ ᠢᠳᠡᠪᠬᠢᠲᠡᠢ ᠪᠠᠶᠢᠷᠢᠰᠢᠭᠤᠯᠵᠤ᠂ ᠬᠤᠶᠠᠷ ᠲᠠᠯ᠎ᠠ ᠶᠢᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ | ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠬᠤᠶᠠᠷ ᠲᠠᠯ᠎ᠠ ᠶᠢᠨ ᠬᠠᠷᠢᠯᠴᠠᠨ | ᠠᠰᠢᠭᠲᠠᠢ ᠬᠠᠮᠲᠤᠪᠠᠷ ᠠᠰᠢᠭ ᠬᠦᠷᠳᠡᠬᠦ᠂ ᠦᠷᠭᠦᠯᠵᠢᠯᠡᠨ ᠬᠥᠭᠵᠢᠬᠦ ᠶᠢ ᠦᠨᠡᠨᠬᠦ ᠪᠠᠲᠤᠯᠠᠬᠤ ᠶᠢ ᠬᠦᠰᠡᠵᠦ ᠪᠠᠶᠢᠨ᠎ᠠ | ᠭᠡᠵᠦ ᠵᠢᠭᠠᠵᠤ ᠭᠠᠷᠭᠠᠪᠠ᠃ | ᠲᠤᠰ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠳᠠ ᠶᠢᠨ ᠳᠠᠷᠤᠭ᠎ᠠ ᠸᠠᠩ ᠸᠠᠩ ᠱᠧᠩ ᠪᠠᠰᠠ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠢ ᠳᠠᠭᠠᠭᠤᠯᠤᠨ ᠰᠢᠨ | ᠸᠠᠩ ᠳ᠋ᠠ ᠡᠯᠧᠺᠲᠷᠣᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠱᠧᠨᠵᠧᠨ ᠤ ᠰᠢᠨ ᠭᠤᠸᠠᠩ ᠲᠠᠢ | ᠡᠯᠧᠺᠲᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠤ | ᠭᠦᠨᠵᠡᠭᠡᠶᠢᠷᠡᠨ ᠠᠷᠠᠯᠵᠢᠶᠠᠴᠢᠨ ᠤᠷᠢᠪᠠ᠃ ᠤᠯᠠᠭᠠᠨᠬᠠᠳᠠ ᠬᠤᠳᠠ ᠳᠤ ᠪᠡᠯᠡ ᠣᠷᠣᠭᠤᠯᠤᠨ ᠡᠯᠧᠺᠲᠷᠣᠨ ᠨᠠᠷᠢᠯᠢᠭ | ᠦᠵᠡᠭᠦᠯᠦᠭᠦᠷ ᠤᠨ ᠲᠤᠨᠤᠭ ᠰᠡᠯᠪᠢᠭᠡᠰᠦ ᠶᠢᠨ ᠦᠢᠯᠡᠳᠪᠦᠷᠢᠯᠡᠯ ᠤᠨ ᠰᠠᠭᠤᠷᠢᠨ ᠢ ᠪᠦᠳᠦᠭᠡᠨ ᠪᠠᠶᠢᠭᠤᠯᠬᠤ᠂ ᠰᠢᠨ᠎ᠡ | ᠬᠡᠯᠪᠡᠷᠢ ᠶᠢᠨ ᠴᠠᠬᠢᠯᠭᠠᠨ ᠬᠦᠴᠦᠨ ᠤ ᠡᠨᠧᠷᠭᠢ ᠬᠠᠳᠠᠭᠠᠯᠠᠬᠤ ᠰᠢᠰᠲ᠋ᠧᠮ ᠤᠨ ᠦᠢᠯᠡᠳᠪᠦᠷᠢᠯᠡᠯ ᠤᠨ ᠰᠠᠭᠤᠷᠢᠨ ᠢ | ᠪᠠᠶᠢᠭᠤᠯᠬᠤ ᠲᠤᠬᠠᠢ ᠭᠦᠨᠵᠡᠭᠡᠢ ᠵᠥᠪᠳᠡᠯᠴᠡᠵᠦ᠂ ᠳᠡᠭᠡᠳᠦ ᠳᠤᠤᠷᠠᠳᠤ ᠤᠷᠤᠰᠬᠠᠯ ᠤᠨ ᠬᠤᠯᠪᠣᠭ᠎ᠠ ᠪᠦᠬᠦᠢ ᠠᠵᠤ | ᠠᠬᠤᠶᠢᠯᠠᠯ᠂ ᠠᠵᠤ ᠦᠢᠯᠡᠰ ᠤᠨ ᠬᠡᠯᠬᠢᠶ᠎ᠡ ᠶᠢ ᠪᠦᠬᠦᠯᠢ ᠴᠣᠭᠴᠠ ᠪᠠᠷ ᠨᠢ ᠤᠯᠠᠭᠠᠨᠬᠠᠳᠠ ᠳᠤ ᠰᠢᠯᠵᠢᠭᠦᠯᠬᠦ ᠲᠤᠬᠠᠢ | ᠬᠠᠮᠲᠤᠷᠠᠯᠴᠠᠭᠠᠨ ᠤ ᠰᠠᠨᠠᠮᠵᠢ ᠲᠤᠬᠢᠷᠠᠯᠴᠠᠪᠠ᠃ |