ᠠᠯᠲᠠᠨ ᠬᠢᠯᠢ ᠶᠢᠨ ᠭᠤᠤ ᠶᠢᠨ ᠪᠠᠭᠤᠷᠢ ᠶᠢᠨ ᠰᠦᠩᠱᠠᠨ ᠲᠣᠭᠤᠷᠢᠭ ᠤᠨ ᠬᠡᠰᠡᠭ ᠨᠢ ᠳ᠋ᠠᠢ ᠹᠦ᠋ ᠶᠢᠩᠽᠢ | ᠰᠢᠶᠠᠩ ᠤᠨ ᠪᠠᠷᠠᠭᠤᠨ ᠬᠡᠰᠡᠭ ᠲᠤ ᠪᠠᠶᠢᠳᠠᠭ᠂ ᠪᠠᠰᠠ ︽ᠠᠯᠲᠠᠨ ᠬᠢᠯᠢ ᠶᠢᠨ ᠪᠠᠬᠢᠯᠡᠯᠲᠡ︾᠂ ︽ᠠᠯᠲᠠᠨ ᠣᠷᠳᠣ | ᠴᠠᠭᠠᠨ ᠬᠡᠷᠡᠮ︾ ᠭᠡᠳᠡᠭ᠂ ᠡᠩ ᠤᠨ ᠶᠠᠷᠢᠶᠠᠨ ᠳᠤ ︽ᠴᠢᠩᠭᠢᠰ ᠬᠠᠭᠠᠨ ᠤ ᠬᠢᠯᠢ ᠶᠢᠨ ᠬᠡᠷᠡᠮ︾ ᠭᠡᠳᠡᠭ᠃ ᠮᠠᠨ ᠤ | ᠤᠯᠤᠰ ᠤᠨ ᠤᠮᠠᠷᠠᠲᠤ ᠶᠢᠨ ᠵᠦᠷᠴᠢᠨ ᠦᠨᠳᠦᠰᠦᠲᠡᠨ ᠤ ᠪᠠᠶᠢᠭᠤᠯᠤᠭᠰᠠᠨ ᠠᠯᠲᠠᠨ ᠤᠯᠤᠰ ᠤᠨ ᠲᠥᠷᠥ ᠶᠢᠨ | ᠮᠣᠩᠭᠤᠯ ᠮᠣᠷᠢᠲᠤ ᠴᠡᠷᠢᠭ ᠤᠨ ᠲᠦᠷᠢᠮᠡᠬᠡᠶᠢᠯᠡᠯ ᠢ ᠬᠤᠷᠢᠭᠯᠠᠬᠤ ᠶᠢᠨ ᠲᠥᠯᠥᠭᠡ ᠲᠠᠯ᠎ᠠ ᠨᠤᠲᠤᠭ ᠲᠤ ᠪᠠᠶᠢᠭᠤᠯᠤᠭᠰᠠᠨ | ᠴᠡᠷᠢᠭ ᠤᠨ ᠶᠠᠪᠤᠳᠠᠯ ᠤᠨ ᠰᠡᠷᠭᠡᠶᠢᠯᠡᠯᠲᠡ ᠶᠢᠨ ᠢᠨᠵᠧᠨᠧᠷᠢᠩ ᠪᠣᠯᠤᠨ᠎ᠠ᠂ ᠡᠭᠦᠨ ᠠᠴᠠ ᠪᠤᠯᠵᠤ ᠠᠯᠲᠠᠨ ᠬᠢᠯᠢ ᠶᠢᠨ | ᠭᠤᠤ ᠭᠡᠵᠦ ᠨᠡᠷᠡᠶᠢᠳᠴᠡᠶ᠃ ᠮᠠᠨ ᠤ ᠤᠯᠤᠰ ᠤᠨ ᠣᠷᠳᠣ ᠴᠠᠭᠠᠨ ᠬᠡᠷᠡᠮ ᠤᠨ ᠲᠡᠦᠬᠡᠨ ᠳᠤ ᠬᠠᠮᠤᠭ ᠬᠤᠶᠢᠲᠤ | ᠲᠠᠯ᠎ᠠ ᠳᠤ ᠲᠠᠷᠬᠠᠵᠤ ᠪᠠᠶᠢᠭᠰᠠᠨ ᠡᠷᠲᠡᠨ ᠤ ᠣᠷᠳᠣ ᠴᠠᠭᠠᠨ ᠬᠡᠷᠡᠮ ᠪᠣᠯᠤᠨ᠎ᠠ᠃ | ᠠᠯᠲᠠᠨ ᠬᠢᠯᠢ ᠶᠢᠨ ᠭᠤᠤ ᠶᠢ ᠳᠠᠪᠠᠭᠠᠨ ᠤ ᠬᠤᠶᠢᠲᠤ ᠱᠤᠭᠤᠮ᠂ ᠭᠤᠪᠢ ᠶᠢᠨ ᠡᠮᠦᠨ᠎ᠡ ᠱᠤᠭᠤᠮ ᠪᠠ | ᠬᠢᠯᠢ ᠶᠢᠨ ᠭᠤᠤ ᠶᠢᠨ ᠭᠤᠣᠯ ᠱᠤᠭᠤᠮ ᠭᠡᠵᠦ ᠭᠤᠷᠪᠠᠨ ᠵᠤᠷᠪᠤᠰ ᠬᠤᠪᠢᠶᠠᠨ᠎ᠠ᠃ ᠤᠯᠠᠭᠠᠨᠬᠠᠳᠠ ᠬᠤᠲᠠ ᠶᠢᠨ | ᠬᠢᠵᠠᠭᠠᠷ ᠲᠠᠬᠢ ᠠᠯᠲᠠᠨ ᠬᠢᠯᠢ ᠶᠢᠨ ᠭᠤᠤ ᠪᠣᠯ ᠠᠯᠲᠠᠨ ᠬᠢᠯᠢ ᠶᠢᠨ ᠭᠤᠤ ᠶᠢᠨ ᠭᠤᠣᠯ ᠱᠤᠭᠤᠮ ᠤᠨ ᠨᠢᠭᠡ ᠬᠡᠰᠡᠭ | ᠪᠣᠯᠤᠨ᠎ᠠ᠃ ᠤᠯᠠᠭᠠᠨᠬᠠᠳᠠ ᠬᠤᠳᠠ ᠶᠢᠨ ᠬᠢᠯᠢ ᠳᠣᠲᠣᠷᠠᠬᠢ ᠬᠢᠯᠢ ᠶᠢᠨ ᠭᠤᠤ ᠨᠢ ᠶᠢᠨ ᠯᠢᠨ ᠬᠤᠸᠠᠩ ᠵᠠᠮ ᠳᠤ | ᠪᠠᠷᠢᠵᠤ᠂ ᠰᠢᠶᠠ ᠬᠠ ᠳ᠋ᠠ ᠯᠢᠶᠠᠩ ᠠᠴᠠ ᠰᠦᠩᠱᠠᠨ ᠲᠣᠭᠤᠷᠢᠭ ᠤᠨ ᠳ᠋ᠠᠢ ᠹᠦ᠋ ᠶᠢᠩᠽᠢ ᠰᠢᠶᠠᠩ ᠤᠨ ᠬᠤᠶᠢᠲᠤ | ᠲᠠᠯᠠᠪᠠᠢ ᠳᠤ ᠬᠦᠷᠴᠦ᠂ ᠱᠠᠩ ᠸᠦᠸᠧ ᠫᠦ᠋᠂ ᠰᠦᠨ ᠵᠢᠶᠠ ᠶᠢᠩᠽᠢ᠂ ᠶᠠᠩ ᠪᠠ ᠳ᠋ᠢ᠂ ᠴᠢ ᠵᠢᠶᠠ ᠸᠦᠸᠧ ᠫᠦ᠋ ᠪᠠᠷ | ᠥᠩᠭᠡᠷᠡᠨ ᠡᠯ ᠯᠦᠩ ᠺᠦ᠋ ᠶᠢᠨ ᠪᠠᠷᠠᠭᠤᠨ ᠠᠴᠠ ᠾᠧᠪᠸᠢ ᠶᠢᠨ ᠬᠢᠯᠢ ᠳᠤ ᠬᠦᠷᠴᠦ᠂ ᠪᠦᠬᠦ ᠤᠷᠳᠤ ᠨᠢ 24 | ᠺᠢᠯᠣᠮᠧᠲᠷ ᠪᠠᠶᠢᠳᠠᠭ᠃ ᠡᠨᠡ ᠬᠦ ᠬᠡᠰᠡᠭ ᠵᠠᠭᠠᠭ ᠰᠤᠪᠠᠭ ᠨᠢ ᠠᠭᠤᠯᠠᠷᠬᠠᠭ ᠭᠠᠵᠠᠷ ᠤᠨ ᠭᠤᠣ ᠵᠢᠯᠠᠭ᠎ᠠ ᠶᠢᠨ ᠳᠤᠮᠳᠠ | ᠪᠠᠶᠢᠷᠢᠰᠢᠵᠤ᠂ ᠭᠠᠵᠠᠷ ᠤᠨ ᠪᠠᠶᠢᠴᠠ ᠨᠢ ᠢᠯᠡᠷᠬᠡᠶ ᠥᠨᠳᠥᠷ ᠳᠤᠤᠷ᠎ᠠ ᠲᠡᠭᠰᠢ ᠦᠭᠡᠢ ᠪᠠᠶᠢᠵᠤ᠂ ᠭᠤᠣ ᠵᠢᠯᠠᠭ᠎ᠠ ᠶᠢᠨ | ᠳᠣᠲᠣᠷ᠎ᠠ ᠠᠶᠢᠯ ᠲᠣᠰᠬᠤᠨ ᠦᠷᠭᠦᠯᠵᠢᠯᠡᠵᠦ᠂ ᠲᠠᠷᠢᠶᠠᠨ ᠭᠠᠵᠠᠷ ᠨᠡᠯᠢᠶᠡᠳ ᠠᠷᠪᠢᠨ ᠪᠠᠶᠢᠵᠤ᠂ ᠠᠭᠤᠯᠠᠨ | ᠬᠥᠲᠥᠯ ᠤᠨ ᠣᠯᠠᠩᠬᠢ ᠨᠢ ᠣᠶᠢᠲᠤ ᠭᠠᠵᠠᠷ ᠪᠠ ᠠᠲᠠᠷ ᠭᠠᠵᠠᠷ ᠪᠣᠯᠤᠨ᠎ᠠ᠃ ᠬᠢᠯᠢ ᠶᠢᠨ ᠭᠤᠤ ᠬᠠᠳᠠᠭᠠᠯᠠᠯᠲᠠ ᠪᠠᠷ | ᠠᠨᠠᠶ᠂ ᠲᠠᠰᠤᠯᠳᠠᠨ ᠦᠷᠭᠦᠯᠵᠢᠯᠡᠵᠦ᠂ ᠭᠤᠤ ᠰᠤᠪᠠᠭ᠂ ᠵᠠᠮ ᠵᠡᠷᠭᠡ ᠨᠢ ᠪᠠᠰᠠ ᠬᠢᠯᠢ ᠶᠢᠨ ᠭᠤᠤ ᠶᠢᠨ ᠤᠯᠠᠨ | ᠰᠡᠲᠡᠷᠬᠡᠶ ᠶᠢ ᠪᠤᠢ ᠪᠣᠯᠭᠠᠭᠰᠠᠨ ᠪᠠᠶᠢᠨ᠎ᠠ᠃ ᠣᠯᠠᠩᠬᠢ ᠬᠡᠰᠡᠭ ᠭᠠᠵᠠᠷ ᠲᠤ ᠪᠦᠷ ᠨᠢᠭᠡ ᠯᠡ ᠬᠡᠷᠡᠮ ᠪᠠ ᠨᠢᠭᠡ ᠯᠡ | ᠰᠤᠪᠠᠭ ᠬᠠᠷᠠᠭᠳᠠᠳᠠᠭ᠂ ᠬᠡᠷᠡᠮ ᠤᠨ ᠠᠭᠤᠯᠠᠨ ᠬᠥᠲᠥᠯ ᠠᠴᠠ ᠰᠢᠷᠣᠶ ᠠᠪᠬᠤ ᠳᠤ ᠨᠡᠯᠢᠶᠡᠳ ᠬᠦᠴᠢᠷᠲᠡᠶ ᠬᠡᠰᠡᠭ | ᠭᠠᠵᠠᠷ ᠢ ᠪᠦᠷ ᠴᠢᠯᠠᠭᠤ ᠪᠠᠷ ᠪᠠᠷᠢᠭᠰᠠᠨ ᠪᠤᠶᠤ ᠰᠢᠷᠣᠶ ᠴᠢᠯᠠᠭᠤ ᠶᠢ ᠬᠤᠯᠢᠯᠳᠤᠭᠤᠯᠤᠨ ᠪᠠᠷᠢᠵᠤ᠂ ᠨᠠᠯᠠᠤ ᠶᠢᠨ | ᠳᠣᠣᠷ᠎ᠠ ᠪᠠ ᠨᠡᠯᠢᠶᠡᠳ ᠨᠠᠮᠬᠠᠨ ᠬᠡᠰᠡᠭ ᠢ ᠨᠢ ᠰᠢᠷᠣᠶ ᠪᠠᠷ ᠪᠠᠷᠢᠵᠠᠢ᠂ ᠣᠳᠣᠬᠠᠨ ᠳᠤ ᠬᠡᠷᠡᠮ ᠨᠢ ᠨᠢᠭᠡᠨᠲᠡ ᠨᠤᠷᠠᠭᠠᠳ | ᠰᠢᠷᠣᠶ ᠶᠢᠨ ᠳᠠᠯᠪᠠᠭ᠎ᠠ ᠪᠤᠶᠤ ᠴᠢᠯᠠᠭᠤᠨ ᠳᠠᠯᠠᠩ ᠤᠨ ᠬᠡᠯᠪᠡᠷᠢ ᠲᠠᠢ ᠪᠣᠯᠤᠭᠰᠠᠨ ᠪᠠᠶᠢᠨ᠎ᠠ᠃ ᠬᠢᠯᠢ ᠶᠢᠨ ᠭᠤᠤ ᠶᠢᠨ | ᠱᠤᠭᠤᠮ ᠳᠠᠭᠠᠤ ᠵᠥᠪᠬᠡᠨ ᠰᠦᠨ ᠵᠢᠶᠠ ᠶᠢᠩᠽᠢ ᠶᠢᠨ ᠨᠢᠭᠡᠨ ᠠᠭᠤᠯᠠᠨ ᠬᠥᠲᠥᠯ ᠤᠨ ᠳᠣᠣᠷᠠᠬᠢ ᠨᠡᠯᠢᠶᠡᠳ ᠨᠠᠮᠬᠠᠨ | ᠭᠠᠵᠠᠷ ᠲᠤ 2 ᠮᠣᠷᠢᠨ ᠤ ᠭᠠᠳᠠᠷᠭᠤ ᠲᠠᠢ᠂ ᠪᠣᠭᠤᠨᠢ ᠳᠣᠪᠣᠴᠠᠭ ᠬᠡᠯᠪᠡᠷᠢᠲᠡᠶ ᠪᠠᠶᠢᠳᠠᠭ᠃ | 2001 ᠣᠨ ᠤ 6 ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠳᠤ ᠲᠠᠪᠤᠳᠤᠭᠠᠷ ᠪᠦᠯᠦᠭ ᠤᠨ | ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠡ ᠪᠠᠷ | ᠨᠡᠶᠢᠲᠡᠯᠡᠭᠳᠡᠪᠡ᠃ |