ᠨᠢᠭᠡ ᠳᠤ ᠵᠠᠬᠢᠶᠠᠯᠠᠭ᠎ᠠ ᠶᠢᠨ ᠪᠣᠷᠣᠯᠠᠭᠤᠯᠭ᠎ᠠ ᠶᠢ ᠬᠡᠷᠡᠭᠯᠡᠨ ᠣᠷᠣᠯᠭ᠎ᠠ ᠪᠠᠨ | ᠨᠡᠮᠡᠭᠳᠡᠭᠦᠯᠬᠦ ᠶᠢ ᠪᠠᠲᠤᠯᠠᠨ᠎ᠠ᠃ ᠰᠦᠩᠱᠠᠨ | ᠲᠣᠭᠤᠷᠢᠭ ᠲᠤ ᠨᠡᠶᠢᠲᠡ 4 ᠬᠡᠪᠴᠢᠶᠡᠲᠦ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠲᠠᠢ ᠪᠠᠶᠢᠵᠤ᠂ | ᠨᠡᠶᠢᠲᠡ 3800 ᠲᠤᠯᠤᠭᠠᠢ ᠰᠠᠭᠠᠯᠢ ᠶᠢᠨ ᠦᠨᠢᠶ᠎ᠡ ᠲᠠᠢ ᠪᠠᠶᠢᠵᠤ᠂ ᠵᠢᠯ ᠳᠤ 11000 ᠲᠣᠨ ᠰᠢᠨ᠎ᠡ ᠰᠦ | ᠦᠢᠯᠡᠳᠪᠦᠷᠢᠯᠡᠵᠦ᠂ ᠪᠦᠬᠦᠨ ᠢ ᠤᠯᠠᠭᠠᠨᠬᠠᠳᠠ ᠶᠢᠨ ᠢᠯᠢ ᠺᠣᠮᠫᠠᠨᠢ ᠳᠤ ᠪᠣᠷᠣᠯᠠᠭᠤᠯᠵᠤ | ᠪᠠᠶᠢᠨ᠎ᠠ᠃ | ᠬᠤᠶᠠᠷ ᠲᠤ ᠰᠢᠨ᠎ᠡ ᠪᠠᠷ ᠪᠠᠶᠢᠭᠤᠯᠬᠤ ᠲᠦᠷᠦᠯ ᠵᠦᠢᠯ ᠢ | ᠡᠬᠢᠯᠡᠭᠦᠯᠵᠦ ᠭᠠᠷᠤᠯᠲᠠ ᠶᠢᠨ ᠬᠡᠮᠵᠢᠶ᠎ᠡ ᠶᠢ | ᠨᠡᠮᠡᠭᠳᠡᠭᠦᠯᠦᠨ᠎ᠡ᠃ ᡂᠢ ᠴᠧᠩ ᠹᠧᠩ ᠸᠸᠢ ᠰᠠᠭᠠᠯᠢ ᠶᠢᠨ ᠦᠨᠢᠶ᠎ᠡ | ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ 85 ᠲᠦᠮᠡᠨ ᠲᠡᠭᠰᠢ ᠳᠥᠷᠪᠡᠯᠵᠢᠨ ᠮᠧᠲᠷ ᠤᠨ ᠲᠥᠷᠥᠯ | ᠵᠦᠢᠯ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠤᠢ᠂ 85 ᠲᠦᠮᠡᠨ ᠲᠡᠭᠰᠢ ᠳᠥᠷᠪᠡᠯᠵᠢᠨ | ᠮᠧᠲᠷ ᠤᠨ ᠭᠠᠵᠠᠷ ᠡᠵᠡᠯᠡᠵᠦ᠂ ᠨᠡᠶᠢᠲᠡ 92097.01 ᠲᠦᠮᠡᠨ ᠲᠥᠭᠦᠷᠢᠭ ᠤᠨ ᠪᠠᠯᠠ ᠣᠷᠣᠭᠤᠯᠤᠨ᠎ᠠ᠃ | ᠲᠥᠷᠥᠯ ᠵᠦᠢᠯ ᠨᠢ ᠦᠢᠯᠡᠳᠪᠦᠷᠢᠯᠡᠯ ᠳᠤ ᠤᠷᠤᠭᠰᠠᠨ ᠤ ᠳᠠᠷᠠᠭ᠎ᠠ ᠵᠢᠯ ᠪᠦᠷᠢ 6.12 | ᠲᠦᠮᠡᠨ ᠲᠣᠨ ᠴᠢᠨᠠᠷ ᠰᠠᠶᠢᠲᠠᠶ ᠲᠦᠭᠦᠬᠡᠶ ᠮᠠᠲ᠋ᠧᠷᠢᠶᠠᠯ ᠤᠨ ᠰᠦ ᠬᠠᠩᠭᠠᠵᠤ᠂ ᠵᠢᠯ ᠤᠨ ᠪᠣᠷᠣᠯᠠᠭᠤᠯᠤᠯᠲᠠ ᠶᠢᠨ | ᠣᠷᠣᠯᠭ᠎ᠠ ᠨᠢ 15512.5 ᠲᠦᠮᠡᠨ ᠲᠥᠭᠦᠷᠢᠭ ᠪᠠᠶᠢᠵᠤ᠂ ᠵᠢᠯ ᠤᠨ ᠳᠤᠮᠳᠠᠴᠢ ᠠᠰᠢᠭ ᠬᠤᠨᠵᠢᠪᠣᠷᠢ ᠶᠢᠨ | ᠶᠡᠷᠦᠩᠬᠡᠶ ᠬᠡᠮᠵᠢᠶ᠎ᠡ ᠨᠢ 6824.11 ᠲᠦᠮᠡᠨ ᠲᠥᠭᠦᠷᠢᠭ ᠪᠠᠶᠢᠵᠤ᠂ ᠵᠢᠯ ᠤᠨ ᠳᠤᠮᠳᠠᠴᠢ ᠴᠡᠪᠡᠷ ᠠᠰᠢᠭ | ᠬᠤᠨᠵᠢᠪᠣᠷᠢ ᠨᠢ 5791.08 ᠲᠦᠮᠡᠨ ᠲᠥᠭᠦᠷᠢᠭ ᠪᠣᠯᠤᠨ᠎ᠠ︔ ᡂᠢ ᠴᠧᠩ ᠹᠧᠩ ᠸᠸᠢ ᠵᠢᠯ ᠳᠤ | 50000 ᠲᠣᠨ ᠴᠠᠭᠠᠨ ᠢᠳᠡᠭᠡᠨ ᠦᠢᠯᠡᠳᠪᠦᠷᠢᠯᠡᠬᠦ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠤᠢ᠂ 196416.33 ᠲᠡᠭᠰᠢ | ᠳᠥᠷᠪᠡᠯᠵᠢᠨ ᠮᠧᠲᠷ ᠤᠨ ᠭᠠᠵᠠᠷ ᠡᠵᠡᠯᠡᠵᠦ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 32014. | 38 ᠲᠦᠮᠡᠨ ᠲᠥᠭᠦᠷᠢᠭ ᠪᠠᠶᠢᠵᠤ᠂ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ᠂ 6714.00 ᠲᠦᠮᠡᠨ | ᠲᠥᠭᠦᠷᠢᠭ ᠤᠨ ᠲᠦᠷᠢᠶᠡᠰᠦᠯᠡᠯ ᠤᠨ ᠣᠷᠣᠯᠭ᠎ᠠ ᠶᠢ ᠪᠡᠶᠡᠯᠡᠭᠦᠯᠦᠨ᠎ᠡ᠃ | |