ᠪᠦᠬᠦ ᠲᠤᠭᠤᠷᠢᠭ ᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠤᠭᠠᠷ ᠵᠠᠰᠠᠭ ᠶᠠᠪᠤᠭᠤᠯᠬᠤ | ᠦᠨᠳᠦᠰᠦᠨ ᠱᠠᠭᠠᠷᠳᠤᠯᠭ᠎ᠠ ᠶᠢ ᠨᠠᠶᠢᠳᠠᠪᠤᠷᠢᠵᠢᠭᠤᠯᠤᠨ ᠲᠤᠤᠱᠠᠯᠠᠭᠤᠯᠬᠤ ᠶᠢ ᠲᠦᠯᠬᠢᠨ ᠠᠬᠢᠭᠤᠯᠬᠤ ᠪᠠ ᠬᠢᠨᠠᠨ | ᠬᠠᠮᠢᠶᠠᠷᠴᠤ᠂ ᠵᠠᠰᠠᠭ ᠤᠨ ᠤᠷᠲᠦᠨ ᠤ ᠮᠡᠳᠡᠭᠡ ᠵᠠᠩᠭᠢ ᠢ ᠨᠡᠶᠢᠳᠡᠯᠡᠬᠦ ᠠᠵᠢᠯ ᠢ ᠨᠡᠩ ᠰᠠᠶᠢᠨ ᠢᠶᠠᠷ ᠦᠷᠨᠢᠭᠦᠯᠵᠦ᠂ | ᠠᠷᠠᠳ ᠢᠷᠭᠡᠳ᠂ ᠬᠠᠤᠯᠢ ᠶᠢᠨ ᠡᠷᠬᠡᠳᠡᠨ ᠪᠠ ᠪᠤᠰᠤᠳ ᠵᠣᠬᠢᠶᠠᠨ ᠪᠠᠶᠢᠭᠤᠯᠤᠯᠲᠠ ᠵᠠᠰᠠᠭ ᠤᠨ ᠤᠷᠳᠤᠨ ᠤ ᠮᠡᠳᠡᠭᠡ | ᠵᠠᠩᠭᠢ ᠢ ᠡᠷᠢᠬᠦ ᠳᠤ ᠨᠡᠩ ᠳᠦᠭᠦᠮ ᠲᠦᠳᠡ ᠪᠤᠯᠭᠠᠬᠤ ᠶᠢᠨ ᠲᠦᠯᠦᠭᠡ᠂ ᠮᠦᠨᠴᠦ ᠪᠠᠶᠢᠳᠠᠯ ᠢ ᠮᠡᠳᠡᠬᠦ ᠡᠷᠬᠡ᠂ | ᠤᠷᠤᠯᠴᠠᠬᠤ ᠡᠷᠬᠡ ᠪᠠ ᠠᠪᠤᠷᠠᠨ ᠲᠣᠰᠠᠯᠠᠬᠤ ᠡᠷᠬᠡ ᠶᠢ ᠬᠠᠤᠯᠢ ᠶᠣᠰᠤᠭᠠᠷ ᠪᠠᠳᠤᠯᠠᠬᠤ ᠶᠢᠨ ᠳᠦᠯᠦᠭᠡ | ᠣᠨᠴᠠᠭᠠᠶᠢᠯᠠᠨ ᠲᠤᠰ ︽ᠤᠳᠤᠷᠢᠮᠳᠣᠵᠢ︾ ᠶᠢ ᠨᠠᠶᠢᠷᠠᠭᠤᠯᠤᠨ ᠳᠤᠭᠲᠠᠭᠠᠪᠠ᠃ | ︽ᠤᠳᠤᠷᠢᠮᠳᠣᠵᠢ︾ ᠨᠢ ᠵᠢᠯ ᠪᠤᠯᠭᠠᠨ ᠨᠢᠭᠡ ᠤᠳᠠᠭ᠎ᠠ ᠰᠢᠨᠡᠴᠢᠯᠡᠭᠳᠡᠬᠦ ᠪᠦᠭᠡᠳ ᠤᠯᠠᠭᠠᠨᠬᠠᠳᠠ ᠬᠤᠳᠠ ᠶᠢᠨ | ᠰᠦᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠦᠨ ᠤ ᠰᠦᠯᠵᠢᠶ᠎ᠡ ᠳᠡᠭᠡᠷ᠎ᠡ ᠠᠴᠠ ᠪᠠᠶᠢᠴᠠᠭᠠᠨ ᠣᠩᠰᠢᠬᠤ | ᠪᠤᠶᠤ ᠲᠤᠭᠤᠷᠢᠭ ᠤᠨ ᠵᠠᠰᠠᠭ ᠤᠨ ᠦᠢᠯᠡᠴᠢᠯᠡᠭᠡᠨ ᠤ ᠲᠤᠪᠴᠢᠶ᠎ᠠ ᠠᠴᠠ ᠠᠪᠴᠦ ᠬᠡᠷᠡᠭᠯᠡᠵᠦ ᠪᠤᠯᠤᠨ᠎ᠠ᠃ | ᠨᠢᠭᠡ᠂ ᠮᠡᠳᠡᠭᠡ ᠵᠠᠩᠬᠢ ᠶᠢ ᠨᠡᠶᠢᠳᠡᠯᠡᠬᠦ ᠠᠭᠤᠯᠭ᠎ᠠ | ︵ᠨᠢᠭᠡ︶ ᠰᠠᠨᠠᠭᠠᠴᠢᠯᠠᠭ᠎ᠠ ᠠᠴᠠ ᠪᠠᠨ ᠨᠡᠶᠢᠳᠡᠯᠡᠬᠦ ᠮᠡᠳᠡᠭᠡ ᠵᠠᠩᠭᠢ᠄ | 1᠂ ᠬᠡᠯᠪᠡᠷᠢᠵᠢᠭᠰᠡᠨ ᠴᠢᠨᠠᠷᠲᠠᠢ ᠮᠠᠲ᠋ᠧᠷᠢᠶᠠᠯ ᠵᠢᠴᠢ ᠨᠡᠶᠢᠭᠡᠮ ᠤᠨ ᠬᠠᠮᠢᠶᠠᠷᠤᠯᠲᠠ ᠪᠠ ᠨᠡᠶᠢᠲᠡ ᠶᠢᠨ | ᠦᠢᠯᠡᠴᠢᠯᠡᠯᠭᠡᠨ ᠤ ᠬᠠᠮᠢᠶ᠎ᠠ ᠪᠦᠭᠦᠢ ᠪᠣᠰᠣᠳ ᠪᠢᠴᠢᠭ ᠮᠠᠲ᠋ᠧᠷᠢᠶᠠᠯ | 2᠂ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠶᠡᠷᠥᠩᠬᠡᠢ ᠲᠦᠯᠦᠪᠵᠢᠭᠦᠯᠭᠡ᠂ ᠲᠦᠯᠦᠪᠯᠡᠭᠡ ᠪᠠ | ᠪᠣᠰᠤᠳ ᠬᠡᠷᠡᠭᠵᠢᠭᠦᠯᠬᠦ ᠪᠠᠶᠢᠳᠠᠯ | 3᠂ ᠬᠤᠲᠠ ᠪᠠᠯᠭᠠᠰᠦ ᠶᠢᠨ ᠲᠦᠯᠦᠪᠵᠢᠭᠦᠯᠭᠡ᠂ ᠭᠠᠵᠠᠷ ᠰᠢᠷᠤᠢ ᠶᠢᠨ ᠠᠰᠢᠭᠯᠠᠯᠲᠠ ᠶᠢᠨ ᠲᠦᠯᠦᠪᠵᠢᠭᠦᠯᠭᠡ᠂ | ᠪᠤᠰᠤᠳ ᠲᠤᠰᠬᠠᠢ ᠲᠤᠯᠤᠪᠵᠢᠭᠦᠯᠭᠡ ᠵᠢᠴᠢ ᠬᠡᠷᠡᠭᠵᠢᠭᠦᠯᠦᠯᠲᠡ ᠶᠢᠨ ᠪᠠᠶᠢᠳᠠᠯ | 4᠂ ᠬᠦᠮᠦᠨ ᠠᠮᠠ᠂ ᠡᠬᠢ ᠪᠠᠶᠠᠯᠢᠭ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠪᠠᠶᠢᠳᠠᠯ | 5᠂ ᠵᠠᠰᠠᠭ ᠤᠨ ᠣᠷᠲᠦᠨ ᠤ ᠡᠳ᠋ ᠶᠢᠨ ᠵᠠᠰᠠᠭ ᠤᠨ ᠤᠷᠢᠳᠴᠢᠯᠠᠭᠰᠠᠨ ᠲᠦᠰᠦᠪ᠂ ᠪᠦᠷᠢᠳᠭᠡᠵᠢᠯᠳᠡ ᠵᠢᠴᠢ | ᠬᠢᠨᠠᠨ ᠪᠠᠶᠢᠴᠠᠭᠠᠭᠰᠠᠨ ᠪᠠᠶᠢᠳᠠᠯ | 6᠂ ᠵᠠᠰᠠᠭ ᠤᠨ ᠪᠠᠶᠢᠭᠤᠯᠭ᠎ᠠ ᠪᠠ ᠨᠠᠶᠢᠳᠡ ᠶᠢᠨ ᠦᠢᠯᠡᠴᠢᠯᠡᠯᠭᠡᠨ ᠤ ᠵᠤᠬᠢᠶᠠᠨ ᠪᠠᠶᠢᠭᠤᠯᠤᠯᠲᠠ ᠶᠢᠨ | ᠪᠠᠶᠢᠷᠢᠯᠠᠭᠤᠯᠤᠯᠲᠠ᠂ ᠴᠢᠳᠠᠮᠵᠢ ᠶᠢᠨ ᠲᠤᠬᠢᠷᠠᠭᠤᠯᠤᠯᠲᠠ ᠶᠢᠨ ᠪᠠᠶᠢᠳᠠᠯ | 7᠂ ᠬᠦᠨᠳᠦ ᠶᠡᠭᠡ ᠬᠢᠵᠢᠭ ᠤᠨ ᠪᠠᠶᠢᠳᠠᠯ᠂ ᠭᠠᠮᠰᠢᠭ ᠤᠨ ᠪᠠᠶᠢᠳᠠᠯ ᠵᠢᠴᠢ ᠪᠣᠰᠣᠳ ᠭᠡᠨᠡᠳᠲᠡ ᠶᠢᠨ | ᠪᠠᠶᠢᠳᠠᠯ ᠤᠨ ᠤᠷᠢᠳᠴᠢᠯᠠᠭᠰᠠᠨ ᠮᠡᠳᠡᠭᠳᠡᠯ᠂ ᠡᠭᠦᠰᠦᠭᠰᠡᠨ ᠪᠠ ᠰᠢᠢᠳᠪᠦᠷᠢᠯᠡᠭᠰᠡᠨ ᠪᠠᠶᠢᠳᠠᠯ | 8᠂ ᠵᠠᠰᠠᠭ ᠤᠨ ᠣᠷᠳᠦᠨ ᠤ ᠭᠤᠤᠯᠳᠠᠯᠭ᠎ᠠ ᠲᠠᠢ ᠲᠦᠷᠦᠯ ᠵᠦᠢᠯ ᠤᠨ ᠬᠡᠷᠡᠭᠵᠢᠭᠦᠯᠦᠯᠳᠡ ᠶᠢᠨ ᠠᠬᠢᠴᠠ ᠶᠢᠨ | ᠪᠠᠶᠢᠳᠠᠯ | 9᠂ ᠵᠠᠰᠠᠭ ᠤᠨ ᠣᠷᠳᠦᠨ ᠤ ᠬᠤᠳᠠᠯᠳᠤᠨ ᠠᠪᠬᠤ ᠯᠠᠪᠯᠠᠯᠲᠠ᠂ ᠬᠢᠵᠠᠭᠠᠷᠯᠠᠯ ᠤᠨ ᠪᠠᠷᠢᠮᠵᠢᠶ᠎ᠠ ᠪᠠ ᠬᠤᠳᠠᠯᠳᠤᠨ | ᠠᠪᠤᠭᠰᠠᠨ ᠦᠷ᠎ᠡ ᠳ᠋ᠦᠩ | 10᠂ ᠵᠠᠰᠠᠭ ᠵᠠᠬᠢᠷᠭᠠᠨ ᠤ ᠬᠦᠬᠢᠭᠦᠯᠦᠯ ᠵᠢᠴᠢ ᠠᠯᠪᠠᠲᠠᠨ ᠡᠯᠰᠡᠬᠦ ᠰᠢᠯᠭᠠᠯᠲᠠ᠂ ᠡᠯᠰᠡᠨ ᠬᠡᠷᠡᠭᠯᠡᠬᠦ ᠬᠡᠷᠡᠭ | ᠤᠴᠢᠷ | 11᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠰᠠᠨᠠᠭᠠᠴᠢᠯᠠᠭ᠎ᠠ ᠠᠴᠠ ᠢᠯᠡᠴᠢᠯᠡᠬᠦ ᠪᠤᠰᠣᠳ | ᠬᠡᠷᠡᠭ ᠤᠴᠢᠷ | ︵ᠬᠤᠶᠠᠷ︶ ᠬᠠᠣᠯᠢ ᠳᠤ ᠲᠣᠭᠲᠠᠭᠰᠠᠨ ᠡᠭᠦᠷᠭᠡ ᠴᠢᠳᠠᠮᠵᠢ ᠶᠤᠰᠤᠭᠠᠷ᠂ ᠮᠠᠨ ᠤ ᠲᠤᠭᠤᠷᠢᠭ ᠤᠨ ᠪᠣᠲᠠᠲᠠᠢ | ᠪᠠᠶᠢᠳᠠᠯ ᠲᠠᠢ ᠣᠶᠠᠯᠳᠣᠭᠤᠯᠵᠣ᠂ ᠮᠡᠳᠡᠭᠡ ᠵᠠᠩᠭᠢ ᠢ ᠨᠡᠶᠢᠳᠡᠯᠡᠬᠦ ᠯᠠᠪᠯᠠᠯᠲᠠ ᠶᠢ ᠨᠠᠶᠢᠷᠠᠭᠤᠯᠤᠨ ᠵᠤᠬᠢᠶᠠᠵᠦ᠂ | ᠬᠦᠳᠡᠯᠡᠩᠭᠦᠢ ᠴᠢᠨᠠᠷᠲᠠᠢ ᠮᠡᠳᠡᠭᠡ ᠵᠠᠩᠬᠢ ᠶᠢᠨ ᠯᠠᠪᠯᠠᠯᠲᠠ ᠶᠢ ᠴᠠᠭ ᠦᠷᠭᠦᠯᠵᠢ ᠲᠤᠬᠢᠷᠠᠭᠤᠯᠤᠨ ᠰᠢᠨᠡᠳᠬᠡᠬᠦ ᠬᠡᠷᠡᠭᠲᠡᠢ᠃ | | ︵ᠭᠤᠷᠪᠠ︶ ᠠᠷᠠᠳ ᠢᠷᠭᠡᠳ᠂ ᠬᠠᠤᠯᠢ ᠶᠢᠨ ᠡᠷᠬᠡᠳᠡᠨ ᠪᠠ ᠪᠤᠰᠤᠳ ᠵᠣᠬᠢᠶᠠᠨ ᠪᠠᠶᠢᠭᠤᠯᠤᠯᠲᠠ ᠠᠴᠠ ᠵᠠᠰᠠᠭ | ᠵᠠᠬᠢᠷᠭᠠᠨ ᠤ ᠪᠠᠶᠢᠭᠤᠯᠭ᠎ᠠ ᠳᠤ ᠡᠷᠡᠮᠵᠢᠯᠡᠭᠰᠡᠨ ᠪᠤᠰᠤᠳ ᠨᠡᠶᠢᠳᠡᠯᠡᠬᠦ ᠴᠢᠬᠤᠯᠲᠠᠢ ᠵᠠᠰᠠᠭ ᠵᠠᠬᠢᠷᠭᠠᠨ ᠤ ᠮᠡᠳᠡᠭᠡ ᠵᠠᠩᠭᠢ᠃ | | ︵ᠲᠦᠷᠪᠡ︶ ᠲᠤᠰ ᠱᠠᠲᠤᠨ ᠤ ᠨᠠᠮ ᠤᠨ ᠬᠤᠷᠢᠶ᠎ᠠ᠂ ᠡᠷᠬᠡᠲᠦ ᠪᠠᠶᠢᠭᠤᠯᠭ᠎ᠠ᠂ ᠳᠡᠭᠡᠲᠦ ᠱᠠᠳᠦᠨ ᠤ ᠵᠠᠰᠠᠭ | ᠵᠠᠬᠢᠷᠭᠠᠨ ᠤ ᠪᠠᠶᠢᠭᠤᠯᠭ᠎ᠠ᠂ ᠵᠠᠰᠠᠭ ᠤᠨ ᠣᠷᠲᠦᠨ ᠤ ᠮᠡᠳᠡᠭᠡ ᠵᠠᠩᠬᠢ ᠶᠢᠨ ᠬᠤᠯᠪᠤᠭᠠᠯᠠᠭᠰᠠᠨ ᠬᠤᠷᠠᠯ ᠪᠠ ᠵᠠᠰᠠᠭ ᠤᠨ | ᠣᠷᠳᠦᠨ ᠤ ᠠᠯᠪᠠᠨ ᠭᠡᠷ᠂ ᠬᠢᠨᠠᠯᠲᠠ ᠰᠢᠯᠭᠠᠯᠲᠠ ᠶᠢᠨ ᠲᠣᠪᠴᠢᠶ᠎ᠠ ᠠᠴᠠ ᠨᠡᠶᠢᠳᠡᠯᠡᠬᠦ ᠪᠠᠷ ᠵᠢᠭᠠᠨ ᠲᠣᠭᠲᠠᠭᠠᠭᠰᠠᠨ | ᠮᠡᠳᠡᠭᠡ ᠵᠠᠩᠬᠢ ᠶᠢ ᠵᠠᠪᠠᠯ ᠨᠡᠶᠢᠳᠡᠯᠡᠨ᠎ᠡ᠃ | ᠬᠤᠶᠠᠷ᠂ ᠮᠡᠳᠡᠭᠡ ᠵᠠᠩᠬᠢ ᠶᠢ ᠨᠡᠶᠢᠳᠡᠯᠡᠬᠦ ᠠᠷᠭ᠎ᠠ ᠬᠡᠯᠪᠡᠷᠢ | ︵ᠨᠢᠭᠡ︶ ︽ᠰᠦᠩᠱᠠᠨ ᠲᠤᠭᠤᠷᠢᠭ ᠤᠨ ᠵᠠᠰᠠᠭ ᠤᠨ ᠣᠷᠲᠦᠨ︾ ᠤ ᠰᠦᠯᠵᠢᠶ᠎ᠡ | ︵ᠬᠤᠶᠠᠷ︶ ᠰᠦᠩᠱᠠᠨ ᠴᠠᠭ ᠤᠨ ᠪᠠᠶᠢᠳᠠᠯ᠂ ᠰᠦᠩᠱᠠᠨ ᠲᠧᠯᠸᠢᠰ ᠬᠤᠷᠢᠶ᠎ᠠ ᠵᠡᠷᠭᠡ ᠰᠣᠨᠢᠨ ᠮᠡᠳᠡᠭᠡᠨ ᠤ | ᠵᠢᠭᠤᠴᠢᠯᠠᠪᠤᠷᠢ ᠪᠠ ᠲᠣᠭᠤᠷᠢᠭ ᠤᠨ ᠵᠠᠰᠠᠭ ᠤᠨ ᠦᠢᠯᠡᠴᠢᠯᠡᠭᠡᠨ ᠤ ᠲᠤᠪᠴᠢᠶ᠎ᠠ ᠳᠤ ᠲᠣᠭᠲᠠᠮᠠᠯ ᠲᠦᠬᠦᠭᠡᠷᠦᠮᠵᠢ | ᠤᠭᠰᠠᠷᠠᠬᠤ ᠵᠡᠷᠭᠡ ᠣᠯᠠᠨ ᠠᠷᠭ᠎ᠠ ᠬᠡᠯᠪᠡᠷᠢ ᠪᠠᠷ ᠳᠠᠮᠵᠢᠨ ᠨᠡᠶᠢᠲᠡᠯᠡᠨ᠎ᠡ ᠃ | ᠭᠤᠷᠪᠠ᠂ ᠮᠡᠳᠡᠭᠡ ᠵᠠᠩᠬᠢ ᠶᠢ ᠨᠡᠶᠢᠳᠡᠯᠡᠬᠦ ᠶᠠᠪᠤᠴᠠ | ︵ᠨᠢᠭᠡ︶ ᠨᠡᠶᠢᠳᠡᠯᠡᠬᠦ ᠴᠢᠬᠤᠯᠲᠠᠢ ᠮᠡᠳᠡᠭᠡ ᠵᠠᠩᠬᠢ ᠶᠢᠨ ᠳᠤᠮᠳᠠ᠂ ᠠᠷᠠᠳ ᠢᠷᠭᠡᠳ᠂ ᠬᠠᠤᠯᠢ ᠶᠢᠨ ᠡᠷᠬᠡᠳᠡᠨ | ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠦᠨᠳᠦ ᠶᠡᠭᠡ ᠠᠰᠢᠭ ᠳᠤᠰᠠ ᠪᠤᠶᠤ ᠨᠡᠶᠢᠭᠡᠮ ᠳᠤ ᠬᠦᠨᠳᠦ ᠶᠡᠭᠡ | ᠨᠦᠯᠦᠭᠡ ᠲᠠᠢ ᠵᠠᠰᠠᠭ ᠵᠠᠬᠢᠷᠭᠠᠨ ᠤ ᠰᠢᠢᠳᠪᠦᠷᠢᠳᠦ ᠪᠤᠲᠤᠯᠭ᠎ᠠ ᠶᠢ ᠨᠡᠶᠢᠳᠡᠮ ᠬᠠᠮᠤᠷᠠᠭᠰᠠᠨ ᠵᠡᠷᠭᠡ ᠬᠡᠷᠡᠭ ᠤᠴᠢᠷ ᠢ | ᠨᠡᠶᠢᠭᠡᠮ ᠨᠡᠶᠢᠲᠡ ᠳᠤ ᠨᠡᠶᠢᠳᠡᠯᠡᠨ᠎ᠡ᠃ | ︵ᠬᠤᠶᠠᠷ︶ ᠵᠠᠰᠠᠭ ᠵᠠᠬᠢᠷᠭᠠᠨ ᠤ ᠪᠤᠰᠤ ᠰᠢᠢᠳᠪᠦᠷᠢᠳᠦ ᠪᠣᠲᠤᠯᠭ᠎ᠠ ᠶᠢᠨ ᠴᠢᠨᠠᠷᠲᠠᠢ ᠵᠠᠰᠠᠭ ᠤᠨ ᠣᠷᠳᠦᠨ ᠤ | ᠮᠡᠳᠡᠭᠡ ᠵᠠᠩᠭᠢ ᠢ ᠮᠡᠳᠡᠭᠡ ᠵᠠᠩᠭᠢ ᠡᠭᠦᠰᠦᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠨᠡᠶᠢᠳᠡᠯᠡᠨ᠎ᠡ᠃ | ︵ᠭᠤᠷᠪᠠ︶ ᠬᠤᠶᠠᠷ ᠠᠴᠠ ᠳᠡᠭᠡᠭᠰᠢ ᠡᠭᠦᠷᠭᠡ ᠴᠢᠳᠠᠮᠵᠢᠲᠦ ᠭᠠᠵᠠᠷ ᠠᠴᠠ ᠬᠤᠯᠪᠣᠭᠠᠯᠠᠨ ᠪᠦᠷᠢᠯᠳᠦᠭᠰᠡᠨ | ᠵᠠᠰᠠᠭ ᠤᠨ ᠣᠷᠳᠦᠨ ᠤ ᠮᠡᠳᠡᠭᠡ ᠵᠠᠩᠭᠢ ᠢ ᠭᠤᠤᠯᠯᠠᠨ ᠡᠷᠬᠢᠯᠡᠭᠰᠡᠨ ᠭᠠᠵᠠᠷ ᠪᠠ ᠬᠤᠯᠪᠤᠭᠠᠯᠠᠨ ᠡᠷᠬᠢᠯᠡᠭᠰᠡᠨ | ᠭᠠᠵᠠᠷ ᠶᠢᠨ ᠬᠠᠷᠢᠭᠤᠴᠠᠯᠭᠠᠲᠠᠨ ᠠᠴᠠ ᠵᠦᠪᠯᠡᠨ ᠲᠣᠭᠲᠠᠭᠰᠠᠨ ᠤ ᠰᠡᠭᠦᠯᠡᠷ ᠨᠡᠶᠢᠳᠡᠯᠡᠨ᠎ᠡ᠃ | ︵ᠲᠦᠷᠪᠡ︶ ᠠᠷᠠᠳ ᠢᠷᠭᠡᠳ᠂ ᠬᠠᠤᠯᠢ ᠶᠢᠨ ᠡᠷᠬᠡᠳᠡᠨ ᠪᠠ ᠪᠤᠰᠤᠳ ᠵᠣᠬᠢᠶᠠᠨ ᠪᠠᠶᠢᠭᠤᠯᠤᠯᠲᠠ ᠠᠴᠠ | ᠵᠠᠰᠠᠭ ᠤᠨ ᠣᠷᠲᠦᠨ ᠤ ᠰᠠᠨᠠᠭᠠᠴᠢᠯᠠᠭ᠎ᠠ ᠠᠴᠠ ᠪᠠᠨ ᠨᠡᠶᠢᠳᠡᠯᠡᠬᠦ ᠠᠴᠠ ᠭᠠᠳᠠᠨᠠᠬᠢ ᠵᠠᠰᠠᠭ ᠤᠨ ᠣᠷᠲᠦᠨ ᠤ ᠮᠡᠳᠡᠭᠡ | ᠵᠠᠩᠭᠢ ᠢ ᠬᠡᠷᠡᠭᠯᠡᠬᠦ ᠴᠢᠬᠤᠯᠲᠠᠢ ᠪᠣᠯ ᠨᠡᠶᠢᠳᠡᠯᠡᠭᠦᠯᠬᠦ ᠪᠠᠷ ᠡᠷᠡᠮᠵᠢᠯᠡᠵᠦ ᠪᠣᠯᠤᠨ᠎ᠠ᠃ | 1᠂ ᠬᠦᠯᠢᠶᠡᠨ ᠠᠪᠬᠤ ᠪᠠᠶᠢᠭᠤᠯᠤᠯᠭ᠎ᠠ᠄ ᠲᠤᠭᠤᠷᠢᠭ ᠤᠨ ᠵᠠᠰᠠᠭ ᠤᠨ ᠣᠷᠲᠦᠨ ᠨᠢ 2008 ᠣᠨ ᠤ 5 | ᠰᠠᠷ᠎ᠠ ᠶᠢᠨ 1 ᠤ ᠡᠳᠦᠷ ᠠᠴᠠ ᠡᠬᠢᠯᠡᠨ ᠵᠠᠰᠠᠭ ᠤᠨ ᠣᠷᠲᠦᠨ ᠤ ᠮᠡᠳᠡᠭᠡ ᠵᠠᠩᠭᠢ ᠶᠢ ᠨᠡᠶᠢᠳᠡᠯᠡᠬᠦ ᠡᠷᠡᠮᠵᠢᠯᠡᠯ ᠢ | ᠬᠦᠯᠢᠶᠡᠨ ᠠᠪᠴᠤ ᠰᠢᠢᠳᠪᠦᠷᠢᠯᠡᠵᠠᠢ᠂ ᠪᠣᠲᠠᠲᠠᠢ ᠬᠦᠯᠢᠶᠡᠨ ᠠᠪᠬᠤ ᠭᠠᠵᠠᠷ ᠨᠢ ᠲᠣᠭᠤᠷᠢᠭ ᠤᠨ | ᠵᠠᠰᠠᠭ ᠤᠨ ᠦᠢᠯᠡᠴᠢᠯᠡᠭᠡᠨ ᠤ ᠲᠤᠪᠴᠢᠶ᠎ᠠ᠂ ᠭᠠᠵᠠᠷ᠄ ᠰᠦᠩᠱᠠᠨ ᠲᠣᠭᠤᠷᠢᠭ ᠤᠨ ᠱᠦᠶ ᠠᠨ ᠯᠦᠩ ᠲᠢᠩ | ᠰᠠᠭᠤᠭᠠᠯᠢ ᠲᠣᠭᠤᠷᠢᠭ ᠤᠨ ᠵᠡᠭᠦᠨ ᠡᠭᠦᠳᠡᠨ ᠤ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠶᠢᠨ ᠠᠯᠪᠠᠨ ᠬᠡᠷ ᠤᠨ ᠬᠤᠶᠠᠳᠤᠭᠠᠷ ᠲᠤᠪᠬᠤᠷᠭᠠ᠂ ᠠᠯᠪᠠᠯᠠᠬᠤ ᠴᠠᠭ ᠨᠢ ᠭᠠᠷᠠᠭ | ᠪᠦᠷᠢ ᠶᠢᠨ ᠭᠠᠷᠠᠭ ᠨᠢᠭᠡᠨ ᠠᠴᠠ ᠭᠠᠷᠠᠭ ᠤᠨ ᠲᠠᠪᠤᠨ ︵ᠬᠠᠤᠯᠢ ᠳᠤ ᠲᠤᠭᠲᠠᠭᠰᠠᠨ ᠠᠮᠠᠷᠠᠯᠲᠠ ᠶᠢᠨ ᠡᠳᠦᠷ ᠠᠴᠠ | ᠭᠠᠳᠠᠨ᠎ᠠ︶᠂ ᠡᠳᠦᠷ ᠪᠦᠷᠢ ᠶᠢᠨ 8᠄ 30 -12᠄ 00᠂ 14᠄ 30-17᠄ 30︔ ᠬᠠᠷᠢᠯᠴᠠᠬᠤ ᠤᠲᠠᠰᠤ | 0476-8469099᠂ ᠰᠢᠤᠳᠠᠨ ᠳ᠋ᠤᠭᠠᠷ 024005᠂ ᠢᠮᠧᠯ᠄ 769973513@qq.com᠃ | 2᠂ ᠡᠷᠡᠮᠵᠢᠯᠡᠬᠦ ᠬᠡᠯᠪᠡᠷᠢ᠄ ᠲᠤᠭᠤᠷᠢᠭ ᠤᠨ ᠵᠠᠰᠠᠭ ᠤᠨ ᠣᠷᠲᠦᠨ ᠳᠤ ᠮᠡᠳᠡᠭᠡ ᠵᠠᠩᠭᠢ ᠶᠢ ᠠᠪᠬᠤ ᠪᠠᠷ | ᠡᠷᠡᠮᠵᠢᠯᠡᠨ᠂ ︽ᠲᠤᠭᠤᠷᠢᠭ ᠤᠨ ᠵᠠᠰᠠᠭ ᠤᠨ ᠣᠷᠲᠦᠨ ᠤ ᠮᠡᠳᠡᠭᠡ ᠵᠠᠩᠭᠢ ᠢ ᠨᠡᠶᠢᠳᠡᠯᠡᠬᠦ ᠡᠷᠡᠮᠵᠢᠯᠡᠯ ᠤᠨ ᠬᠦᠰᠦᠨᠦᠭ︾ | ᠶᠢ ᠲᠠᠭᠯᠠᠭᠠᠷᠠᠢ᠃ ᠺᠣᠫᠢᠳᠠᠭᠰᠠᠨ ᠬᠦᠰᠦᠨᠦᠭ ᠨᠢ ᠴᠦ ᠮᠦᠨ ᠬᠦᠴᠦᠨ ᠲᠠᠢ᠂ ᠬᠦᠯᠢᠶᠡᠨ ᠠᠪᠬᠤ | ᠪᠠᠶᠢᠭᠤᠯᠤᠯᠭ᠎ᠠ ᠳᠤ ᠬᠦᠷᠴᠦ ᠲᠤᠰ ᠬᠦᠰᠦᠨᠦᠭ ᠢ ᠠᠪᠤᠭᠰᠠᠨ ᠴᠦ ᠪᠤᠯᠤᠨ᠎ᠠ᠂ ᠡᠰᠡᠪᠡᠯ ᠲᠤᠰ ᠪᠠᠶᠢᠭᠤᠯᠭ᠎ᠠ ᠶᠢᠨ | ᠰᠦᠯᠵᠢᠶᠡᠨ ᠠᠴᠠ ᠪᠠᠭᠤᠯᠭᠠᠨ ᠠᠪᠴᠤ ᠪᠤᠯᠤᠨ᠎ᠠ᠃ ᠲᠤᠤᠷᠠᠬᠢ ᠠᠷᠭ᠎ᠠ ᠬᠡᠯᠪᠡᠷᠢ ᠪᠠᠷ ᠳᠠᠮᠵᠢᠨ ᠡᠷᠡᠮᠵᠢᠯᠡᠯ | ᠲᠤᠷᠠᠳᠴᠦ ᠪᠤᠯᠤᠨ᠎ᠠ᠄ | ︵1︶ ᠲᠣᠣᠷ ᠰᠦᠯᠵᠢᠶ᠎ᠡ ᠢᠶᠠᠷ ᠳᠠᠮᠵᠢᠨ ᠡᠷᠡᠮᠵᠢᠯᠡᠬᠦ᠃ ᠡᠷᠡᠮᠵᠢᠯᠡᠬᠦ ᠬᠦᠮᠦᠨ ᠨᠢ ︽ᠡᠷᠡᠮᠵᠢᠯᠡᠯ ᠤᠨ | ᠬᠦᠰᠦᠨᠦᠭᠲᠦ︾ ᠶᠢ ᠲᠠᠭᠯᠠᠭᠰᠠᠨ ᠤ ᠰᠡᠭᠦᠯᠡᠷ᠂ ᠰᠦᠯᠵᠢᠶ᠎ᠡ ᠪᠠᠷ ᠳᠠᠮᠵᠢᠨ ᠲᠤᠰᠢᠶᠠᠪᠠᠯ ᠪᠣᠯᠴᠢᠬᠠᠨ᠎ᠠ᠃ | ︵2︶ ᠵᠠᠬᠢᠳᠠᠯ ᠰᠣᠷᠪᠤᠯᠵᠢᠯᠠᠭ᠎ᠠ᠂ ᠴᠠᠬᠢᠯᠭᠠᠨ ᠮᠡᠳᠡᠭᠡ᠂ ᠹᠠᠺᠡᠰ ᠵᠡᠷᠭᠡ ᠠᠷᠭ᠎ᠠ ᠬᠡᠯᠪᠡᠷᠢ ᠪᠠᠷ ᠡᠷᠡᠮᠵᠢᠯᠡᠬᠦ᠃ | ᠡᠷᠡᠮᠵᠢᠯᠡᠬᠦ ᠬᠦᠮᠦᠨ ᠨᠢ ᠵᠠᠬᠢᠳᠠᠯ ᠰᠣᠷᠪᠤᠯᠵᠢᠯᠠᠭ᠎ᠠ ᠪᠠᠷ ᠳᠠᠮᠵᠢᠨ ᠡᠷᠡᠮᠵᠢᠯᠡᠪᠡᠯ᠂ ᠵᠠᠬᠢᠳᠠᠯ ᠤᠨ ᠲᠤᠬᠠᠲᠠᠢ ᠶᠢᠨ ᠵᠡᠭᠦᠨ | ᠲᠤᠤᠷ᠎ᠠ ᠦᠨᠴᠦᠭ ᠳᠤ ︽ᠵᠠᠰᠠᠭ ᠤᠨ ᠣᠷᠲᠦᠨ ᠤ ᠮᠡᠳᠡᠭᠡ ᠵᠠᠩᠭᠢ ᠤᠨ ᠨᠡᠶᠢᠳᠡᠯᠡᠯᠳᠡ ᠶᠢᠨ ᠡᠷᠡᠮᠵᠢᠯᠡᠯ︾ ᠬᠡᠮᠡᠨ | ᠲᠤᠲᠤᠷᠬᠠᠶᠢᠯᠠᠨ ᠪᠢᠴᠢᠭᠡᠷᠡᠢ᠃ ᠴᠠᠬᠢᠯᠭᠠᠨ ᠮᠡᠳᠡᠭᠡ᠂ ᠹᠠᠺᠡᠰ ᠵᠡᠷᠭᠡ ᠠᠷᠭ᠎ᠠ ᠬᠡᠯᠪᠡᠷᠢ ᠢᠶᠠᠷ ᠳᠠᠮᠵᠢᠨ ᠡᠷᠡᠮᠵᠢᠯᠡᠪᠡᠯ᠂ | ︽ᠵᠠᠰᠠᠭ ᠤᠨ ᠣᠷᠲᠦᠨ ᠤ ᠮᠡᠳᠡᠭᠡ ᠵᠠᠩᠭᠢ ᠤᠨ ᠨᠡᠶᠢᠳᠡᠯᠡᠯᠳᠡ ᠶᠢᠨ ᠡᠷᠡᠮᠵᠢᠯᠡᠯ︾ ᠬᠡᠮᠡᠨ ᠲᠤᠲᠤᠷᠬᠠᠶᠢᠯᠠᠨ ᠪᠢᠴᠢᠭᠡᠷᠡᠢ | ᠃ | ︵3︶ ᠨᠢᠭᠤᠷᠳᠠᠨ ᠡᠷᠡᠮᠵᠢᠯᠡᠬᠦ᠃ ᠡᠷᠡᠮᠵᠢᠯᠡᠬᠦ ᠬᠦᠮᠦᠨ ᠨᠢ ᠬᠦᠯᠢᠶᠡᠨ ᠠᠪᠬᠤ ᠪᠠᠶᠢᠭᠤᠯᠤᠯᠭ᠎ᠠ ᠳᠤ ᠤᠴᠢᠵᠦ᠂ | ᠲᠤᠬᠠᠢ ᠶᠢᠨ ᠲᠠᠯᠠᠪᠤᠷ ᠲᠤ ᠨᠢ ᠡᠷᠡᠮᠵᠢᠯᠡᠬᠦ ᠪᠠᠷ ᠲᠤᠷᠠᠳᠴᠤ ᠪᠤᠯᠤᠨ᠎ᠠ᠃ | ︵4︶ ᠣᠨᠴᠠᠭᠠᠢ ᠠᠯᠬᠤᠮ ᠢᠶᠠᠷ ᠡᠷᠡᠮᠵᠢᠯᠡᠬᠦ᠃ ᠡᠷᠡᠮᠵᠢᠯᠡᠬᠦ ᠬᠦᠮᠦᠨ ᠨᠢ ᠥᠪᠡᠷ ᠤᠨ ᠪᠡᠶ᠎ᠡ ᠲᠠᠢ ᠪᠠᠨ ᠢᠶᠠᠨ | ᠬᠠᠮᠢᠶᠠᠲᠠᠢ ᠵᠠᠰᠠᠭ ᠤᠨ ᠤᠷᠳᠦᠨ ᠤ ᠮᠡᠳᠡᠭᠡ ᠵᠠᠩᠭᠢ ᠢ ᠡᠷᠡᠮᠵᠢᠯᠡᠬᠦ ᠳᠤ᠂ ᠶᠤᠰᠤᠨ ᠳᠤ ᠪᠠᠨ ᠬᠦᠴᠦᠨ ᠲᠠᠢ ᠪᠦᠬᠦᠢ | ᠪᠡᠶ᠎ᠡ ᠶᠢᠨ ᠭᠡᠷᠡᠴᠢ ᠦᠨᠡᠮᠯᠡᠯ ᠢᠶᠠᠨ ᠠᠪᠴᠦ᠂ ᠬᠦᠯᠢᠶᠡᠨ ᠠᠪᠬᠤ ᠪᠠᠶᠢᠭᠤᠯᠤᠯᠭ᠎ᠠ ᠳᠤ ᠪᠢᠴᠢᠭ ᠤᠨ ᠡᠷᠡᠮᠵᠢᠯᠡᠯ ᠢᠶᠠᠨ | ᠨᠢᠭᠤᠷᠳᠠᠨ ᠲᠤᠰᠢᠶᠠᠪᠡᠯ ᠵᠤᠬᠢᠨ᠎ᠠ᠃ ᠲᠤᠭᠤᠷᠢᠭ ᠤᠨ ᠵᠠᠰᠠᠭ ᠤᠨ ᠣᠷᠲᠦᠨ ᠨᠢ ᠤᠲᠠᠰᠤ ᠶᠢᠨ ᠬᠡᠯᠪᠡᠷᠢ ᠶᠢᠨ | ᠡᠷᠡᠮᠵᠢᠯᠡᠯ ᠶᠢ ᠬᠦᠯᠢᠶᠡᠨ ᠠᠪᠬᠤ ᠦᠭᠡᠢ᠂ ᠭᠡᠪᠡᠴᠦ ᠡᠷᠡᠮᠵᠢᠯᠡᠬᠦ ᠬᠦᠮᠦᠨ ᠨᠢ ᠤᠲᠠᠰᠤ ᠪᠠᠷ ᠳᠠᠮᠵᠢᠨ ᠬᠠᠮᠢᠶ᠎ᠠ ᠪᠦᠭᠦᠢ | ᠦᠢᠯᠡᠴᠢᠯᠡᠯᠭᠡᠨ ᠤ ᠵᠦᠢᠯᠡᠰ ᠢ ᠠᠰᠠᠭᠤᠨ ᠯᠠᠪᠯᠠᠵᠦ ᠪᠤᠯᠤᠨ᠎ᠠ᠃ | 3᠂ ᠡᠷᠡᠮᠵᠢᠯᠡᠯ ᠢ ᠰᠢᠢᠳᠪᠦᠷᠢᠯᠡᠬᠦ᠃ ᠡᠷᠡᠮᠵᠢᠯᠡᠯ ᠢ ᠲᠣᠰᠤᠨ ᠣᠯᠣᠭᠰᠠᠨ ᠡᠳᠦᠷ ᠠᠴᠠ ᠡᠬᠢᠯᠡᠨ 20 | ᠠᠵᠢᠯ ᠤᠨ ᠡᠳᠦᠷ ᠤᠨ ᠳᠤᠲᠤᠷ᠎ᠠ ᠬᠠᠷᠢᠭᠤᠯᠲᠠ ᠦᠭᠭᠦ ᠬᠡᠷᠡᠭᠲᠡᠢ᠃ ᠬᠡᠷᠪᠡ ᠬᠠᠷᠢᠭᠤ ᠥᠭᠬᠦ ᠬᠤᠭᠤᠴᠠᠭ᠎ᠠ ᠶᠢ | ᠬᠤᠶᠢᠰᠢᠯᠠᠭᠤᠯᠬᠤ ᠴᠢᠬᠤᠯᠠᠲᠠᠢ ᠪᠣᠯ ᠡᠷᠡᠮᠵᠢᠯᠡᠭᠰᠡᠨ ᠬᠦᠮᠦᠨ ᠳᠤ ᠮᠡᠳᠡᠭᠳᠡᠬᠦ ᠬᠡᠷᠡᠭᠲᠡᠢ᠃ ᠬᠠᠷᠢᠭᠤ ᠥᠭᠬᠦ | ᠬᠤᠶᠢᠰᠢᠯᠠᠭᠤᠯᠬᠤ ᠬᠤᠭᠤᠴᠠᠭ᠎ᠠ ᠶᠢ ᠬᠠᠮᠤᠭ ᠤᠷᠳᠤ ᠳᠤ ᠪᠠᠨ 20 ᠠᠵᠢᠯ ᠤᠨ ᠡᠳᠦᠷ ᠠᠴᠠ ᠬᠡᠳᠦᠷᠡᠭᠦᠯᠵᠦ ᠪᠣᠯᠬᠤ | ᠦᠭᠡᠢ᠃ ᠡᠷᠡᠮᠵᠢᠯᠡᠯ ᠢ ᠬᠦᠯᠢᠶᠡᠨ ᠠᠪᠤᠭᠰᠠᠨ ᠡᠮᠦᠨ᠎ᠡ ᠬᠤᠶᠢᠨᠠᠬᠢ ᠲᠠᠷᠠᠭᠠᠯᠠᠯ ᠢᠶᠠᠷ ᠡᠷᠡᠮᠵᠢᠯᠡᠯ ᠢ ᠰᠢᠢᠳᠪᠦᠷᠢᠯᠡᠨ᠎ᠡ᠂ | ᠨᠢᠭᠡ ᠬᠤᠪᠢ ᠡᠷᠡᠮᠵᠢᠯᠡᠯ ᠳᠤ ᠬᠡᠷᠪᠡ ᠬᠡᠳᠦᠨ ᠲᠤᠰᠠᠭᠠᠷ ᠭᠤᠶᠤᠴᠢᠯᠠᠯ ᠪᠠᠶᠢᠪᠠᠯ᠂ ᠪᠦᠬᠦᠨ ᠢ ᠰᠢᠢᠳᠪᠦᠷᠢᠯᠡᠵᠦ | ᠪᠠᠷᠠᠭᠰᠠᠨ ᠬᠤᠶᠢᠨ᠎ᠠ ᠨᠢᠭᠡᠲᠦᠯᠲᠠᠢ ᠬᠠᠷᠢᠭᠤ ᠥᠭᠭᠦᠨ᠎ᠡ᠃ ᠰᠢᠢᠳᠪᠦᠷᠢᠯᠡᠬᠦ ᠦᠷ᠎ᠡ ᠪᠦᠲᠦᠮᠵᠢ ᠶᠢ | ᠲᠡᠭᠡᠭᠰᠢᠯᠡᠭᠦᠯᠬᠦ ᠶᠢᠨ ᠲᠤᠯᠠᠳᠠ᠂ ᠡᠷᠡᠮᠵᠢᠯᠡᠬᠦ ᠬᠦᠮᠦᠨ ᠢ ᠰᠠᠨᠠᠭᠤᠯᠬᠤ ᠨᠢ ᠠᠳᠠᠯᠢ ᠪᠤᠰᠤ ᠭᠤᠶᠤᠴᠢᠯᠠᠭ᠎ᠠ ᠶᠢ ᠲᠦᠷᠦᠯ | ᠬᠤᠪᠢᠶᠠᠨ ᠡᠷᠡᠮᠵᠢᠯᠡᠷᠠᠢ᠃ ᠬᠡᠷᠪᠡ ᠡᠷᠡᠮᠵᠢᠯᠡᠯ ᠶᠢᠨ ᠭᠤᠣᠯ ᠵᠦᠢᠯ ᠨᠢ ᠭᠦᠢᠴᠡᠳ ᠪᠤᠰᠤ᠂ ᠣᠨᠣᠪᠴᠢ ᠦᠭᠡᠢ᠂ | ᠪᠣᠲᠠᠲᠠᠢ ᠮᠡᠳᠡᠭᠡ ᠵᠠᠩᠭᠢ ᠤᠨ ᠠᠭᠤᠯᠭ᠎ᠠ ᠶᠢ ᠲᠣᠭᠲᠠᠭᠠᠬᠤ ᠳᠤ ᠬᠦᠴᠢᠷᠲᠠᠢ ᠪᠣᠯ᠂ ᠲᠤᠰ ᠪᠠᠶᠢᠭᠤᠯᠭ᠎ᠠ ᠨᠢ | ᠡᠷᠡᠮᠵᠢᠯᠡᠭᠰᠡᠨ ᠬᠦᠮᠦᠨ ᠶᠢ ᠲᠠᠬᠢᠨ ᠨᠦᠬᠦᠪᠦᠷᠢᠯᠡᠬᠦ ᠪᠤᠶᠤ ᠵᠠᠰᠠᠬᠤ ᠪᠠᠷ ᠱᠠᠭᠠᠷᠳᠠᠬᠤ ᠬᠡᠷᠡᠭᠲᠡᠢ᠃ ᠪᠣᠲᠠᠲᠠᠢ ᠬᠠᠷᠢᠭᠤ | ᠥᠭᠬᠦ ᠠᠷᠭ᠎ᠠ ᠬᠡᠯᠪᠡᠷᠢ ᠨᠢ ᠳᠣᠣᠷᠠᠬᠢ ᠮᠡᠨᠳᠦ᠄ | ︵1︶ ᠬᠡᠷᠪᠡ ᠨᠡᠶᠢᠳᠡᠯᠡᠭᠦᠯᠬᠦ ᠪᠠᠷ ᠡᠷᠡᠮᠵᠢᠯᠡᠭᠰᠡᠨ ᠮᠡᠳᠡᠭᠡ ᠵᠠᠩᠭᠢ ᠨᠢ ᠲᠤᠭᠤᠷᠢᠭ ᠤᠨ ᠨᠢᠭᠡᠨᠳᠡ | ᠰᠠᠨᠠᠭᠠᠴᠢᠯᠠᠭ᠎ᠠ ᠠᠴᠠ ᠪᠠᠨ ᠨᠡᠶᠢᠳᠡᠯᠡᠭᠰᠡᠨ ᠮᠡᠳᠡᠭᠡ ᠵᠠᠩᠭᠢ ᠳᠤ ᠬᠠᠷᠢᠶᠠᠯᠠᠭᠳᠠᠪᠠᠯ᠂ ᠬᠦᠯᠢᠶᠡᠨ ᠠᠪᠬᠤ | ᠪᠠᠶᠢᠭᠤᠯᠤᠯᠭ᠎ᠠ ᠠᠴᠠ ᠡᠷᠡᠮᠵᠢᠯᠡᠯ ᠢ ᠬᠦᠯᠢᠶᠡᠨ ᠠᠪᠬᠤ ᠶᠠᠪᠤᠴᠠ ᠪᠠᠨ ᠲᠣᠷᠭᠠᠨ ᠵᠤᠭᠰᠤᠭᠠᠵᠤ᠂ ᠡᠷᠡᠮᠵᠢᠯᠡᠭᠰᠡᠨ | ᠬᠦᠮᠦᠨ ᠳᠤ ᠬᠡᠷᠬᠢᠨ ᠮᠡᠳᠡᠭᠡ ᠵᠠᠩᠬᠢ ᠶᠢ ᠣᠯᠬᠤ ᠲᠤᠬᠠᠢ ᠠᠷᠭ᠎ᠠ ᠵᠠᠮ ᠢ ᠬᠡᠯᠡᠵᠦ ᠥᠭᠭᠦᠨ᠎ᠡ᠃ | ︵2︶ ᠬᠡᠷᠪᠡ ᠬᠡᠰᠡᠭ ᠪᠦᠯᠦᠭ ᠢ ᠨᠡᠶᠢᠳᠡᠯᠡᠵᠦ ᠪᠣᠯᠬᠤ ᠪᠤᠶᠤ ᠪᠦᠷᠢᠮᠦᠰᠦᠨ ᠨᠡᠶᠢᠳᠡᠯᠡᠵᠦ ᠪᠣᠯᠬᠤ ᠦᠭᠡᠢ | ᠵᠠᠰᠠᠭ ᠤᠨ ᠣᠷᠲᠦᠨ ᠤ ᠮᠡᠳᠡᠭᠡ ᠵᠠᠩᠭᠢ ᠳᠤ ᠬᠠᠷᠢᠶᠠᠯᠠᠭᠳᠠᠪᠠᠯ᠂ ᠡᠷᠡᠮᠵᠢᠯᠡᠭᠰᠡᠨ ᠬᠦᠮᠦᠨ ᠳᠤ ᠰᠢᠯᠲᠠᠭᠠᠨ ᠢ ᠨᠢ | ᠬᠡᠯᠡᠵᠦ ᠥᠭᠭᠦᠨ᠎ᠡ᠃ | ︵3︶ ᠬᠡᠷᠪᠡ ᠵᠠᠰᠠᠭ ᠤᠨ ᠣᠷᠲᠦᠨ ᠤ ᠮᠡᠳᠡᠭᠡ ᠵᠠᠩᠭᠢ ᠤᠨ ᠨᠡᠶᠢᠳᠡᠯᠡᠬᠦ ᠬᠦᠷᠢᠶ᠎ᠡ ᠬᠡᠪᠴᠢᠶᠡᠨ ᠳᠤ ᠪᠠᠭᠲᠠᠬᠤ | ᠦᠭᠡᠢ ᠪᠤᠶᠤ ᠲᠤᠰ ᠮᠡᠳᠡᠭᠡ ᠵᠠᠩᠭᠢ ᠨᠢ ᠣᠷᠤᠰᠢᠬᠤ ᠦᠭᠡᠢ ᠪᠠᠶᠢᠳᠠᠯ ᠤᠨ ᠳᠤᠤᠷ᠎ᠠ᠂ ᠡᠷᠡᠮᠵᠢᠯᠡᠭᠰᠡᠨ ᠬᠦᠮᠦᠨ ᠳᠤ | ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠢ᠃ | ︽︿ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠡ ᠵᠠᠩᠭᠢ ᠶᠢ ᠰᠢᠢᠳᠪᠦᠷᠢᠯᠡᠬᠦ | ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠵᠠᠬᠢᠳᠠᠯ ﹇2020﹈ 109 ᠳ᠋ᠦ᠋ᠭᠡᠷ | ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠭᠤᠶᠤᠴᠢᠯᠠᠯ ᠤᠨ ᠠᠵᠢᠯᠯᠠᠭ᠎ᠠ ᠳᠤ ᠪᠦᠲᠦᠮᠵᠢᠲᠡᠶ ᠲᠣᠬᠢᠷᠠᠭᠤᠯᠤᠯᠲᠠ ᠬᠢᠵᠦ᠂ ᠭᠤᠶᠤᠴᠢᠯᠠᠭᠴᠢ ᠶᠢᠨ | ᠡᠷᠬᠡ ᠠᠰᠢᠭ ᠢᠶᠠᠨ ᠵᠦᠶ ᠵᠣᠬᠢᠰᠲᠠᠶ ᠬᠡᠷᠡᠭᠵᠢᠭᠦᠯᠬᠦ ᠶᠢ ᠬᠥᠲᠥᠯᠥᠨ ᠵᠢᠯᠣᠭᠤᠳᠬᠤ ᠶᠢᠨ ᠲᠥᠯᠥᠭᠡ᠂ ᠵᠠᠰᠠᠭ | ᠵᠠᠬᠢᠷᠭᠠᠨ ᠤ ᠪᠠᠶᠢᠭᠤᠯᠭ᠎ᠠ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ | ᠵᠣᠬᠢᠬᠤ ᠲᠤᠭ᠎ᠠ ᠬᠡᠮᠵᠢᠶ᠎ᠡ ᠪᠤᠶᠤ ᠤᠳᠠᠭ᠎ᠠ ᠶᠢᠨ ᠬᠡᠪᠴᠢᠶᠡᠨ ᠠᠴᠠ ᠬᠡᠲᠦᠷᠡᠭᠰᠡᠨ ᠭᠤᠶᠤᠴᠢᠯᠠᠭᠴᠢ ᠠᠴᠠ ᠰᠦᠢᠳᠬᠡᠯ | ᠬᠤᠷᠢᠶᠠᠵᠤ ᠪᠣᠯᠤᠨ᠎ᠠ᠃ | ᠵᠠᠰᠠᠭ ᠵᠠᠬᠢᠷᠭᠠᠨ ᠤ ᠪᠠᠶᠢᠭᠤᠯᠭ᠎ᠠ ᠮᠡᠳᠡᠭᠡ ᠵᠠᠩᠭᠢ ᠰᠢᠢᠳᠪᠦᠷᠢᠯᠡᠬᠦ ᠵᠠᠷᠤᠳᠠᠯ ᠬᠤᠷᠢᠶᠠᠬᠤ ᠪᠠᠷ ᠬᠠᠤᠯᠢ ᠶᠣᠰᠣᠭᠠᠷ | ᠲᠣᠭᠲᠠᠭᠠᠭᠰᠠᠨ ᠪᠠᠶᠢᠪᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ | ᠰᠢᠢᠳᠪᠦᠷᠢᠯᠡᠬᠦ ᠬᠤᠭᠤᠴᠠᠭᠠᠨ ᠳᠤ᠂ ᠭᠤᠶᠤᠴᠢᠯᠠᠭᠴᠢ ᠶᠢᠨ ᠮᠡᠳᠡᠭᠡ ᠵᠠᠩᠭᠢ ᠤᠯᠬᠤ ᠠᠷᠭ᠎ᠠ ᠵᠠᠮ ᠢᠶᠠᠷ | ᠭᠤᠶᠤᠴᠢᠯᠠᠭᠴᠢ ᠳᠤ ᠵᠠᠷᠤᠳᠠᠯ ᠬᠤᠷᠢᠶᠠᠬᠤ ᠮᠡᠳᠡᠭᠳᠡᠯ ᠶᠠᠪᠤᠭᠤᠯᠵᠤ᠂ ᠵᠠᠷᠤᠳᠠᠯ ᠬᠤᠷᠢᠶᠠᠬᠤ ᠦᠨᠳᠦᠰᠦᠯᠡᠯ᠂ | ᠪᠠᠷᠢᠮᠵᠢᠶ᠎ᠠ᠂ ᠲᠤᠭ᠎ᠠ ᠬᠡᠮᠵᠢᠶ᠎ᠡ᠂ ᠲᠤᠰᠢᠶᠠᠬᠤ ᠠᠷᠭ᠎ᠠ ᠮᠠᠶ᠋ᠢᠭ ᠵᠡᠷᠭᠡ ᠪᠠᠨ ᠲᠣᠳᠣᠷᠬᠠᠶᠢᠯᠠᠬᠤ ᠬᠡᠷᠡᠭᠲᠡᠶ᠃ | ᠭᠤᠶᠤᠴᠢᠯᠠᠭᠴᠢ ᠨᠢ ᠰᠦᠢᠳᠬᠡᠯ ᠬᠤᠷᠢᠶᠠᠬᠤ ᠮᠡᠳᠡᠭᠳᠡᠯ ᠢ ᠣᠯᠤᠭᠰᠠᠨ ᠤ ᠳᠠᠷᠠᠭ᠎ᠠ ᠡᠳᠦᠷ ᠠᠴᠠ ᠡᠬᠢᠯᠡᠨ 20 | ᠠᠵᠢᠯᠯᠠᠬᠤ ᠡᠳᠦᠷ ᠤᠨ ᠳᠣᠲᠣᠷ᠎ᠠ ᠰᠦᠢᠳᠬᠡᠯ ᠲᠤᠰᠢᠶᠠᠬᠤ ᠬᠡᠷᠡᠭᠲᠡᠶ᠂ ᠬᠤᠭᠤᠴᠠᠭ᠎ᠠ ᠬᠡᠲᠦᠷᠡᠲᠡᠯ᠎ᠡ ᠲᠤᠰᠢᠶᠠᠭᠰᠠᠨ | ᠥᠬᠡᠶ ᠪᠣᠯ ᠭᠤᠶᠤᠴᠢᠯᠠᠯ ᠢᠶᠠᠨ ᠬᠠᠶᠠᠭᠰᠠᠨ ᠢᠶᠠᠷ ᠦᠵᠡᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ᠲᠣᠰ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠳᠠᠭᠢᠵᠤ ᠰᠢᠢᠳᠪᠦᠷᠢᠯᠡᠬᠦ ᠥᠬᠡᠶ᠃ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠰᠢᠢᠳᠪᠦᠷᠢᠯᠡᠬᠦ ᠬᠤᠭᠤᠴᠠᠭ᠎ᠠ ᠶᠢ | ᠭᠤᠶᠤᠴᠢᠯᠠᠭᠴᠢ ᠶᠢᠨ ᠰᠦᠢᠳᠬᠡᠯ ᠲᠤᠰᠢᠶᠠᠭᠰᠠᠨ ᠤ ᠳᠠᠷᠠᠭ᠎ᠠ ᠡᠳᠦᠷ ᠠᠴᠠ ᠡᠬᠢᠯᠡᠨ ᠳᠠᠭᠢᠵᠤ ᠪᠤᠳᠤᠨ᠎ᠠ᠃ | ︵ᠲᠠᠪᠤ︶ ᠠᠷᠠᠳ ᠢᠷᠭᠡᠳ᠂ ᠬᠠᠤᠯᠢ ᠶᠢᠨ ᠡᠷᠬᠡᠳᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠢ ᠵᠠᠰᠠᠭ ᠤᠨ | ᠣᠷᠲᠦᠨ ᠤ ᠮᠡᠳᠡᠭᠡ ᠵᠠᠩᠭᠢ ᠤᠨ ᠨᠡᠶᠢᠳᠡᠯᠡᠯ ᠶᠢ ᠭᠦᠢᠴᠡᠳ ᠪᠣᠰᠤ᠂ ᠣᠨᠣᠪᠴᠢ ᠦᠭᠡᠢ᠂ ᠦᠨᠡᠨ ᠪᠣᠲᠠᠲᠠᠢ ᠪᠢᠰᠢ | ᠭᠡᠵᠦ ᠦᠵᠡᠵᠦ ᠪᠠᠶᠢᠪᠠᠯ᠂ ᠬᠠᠯᠠᠵᠦ ᠥᠭᠡᠷᠡᠴᠢᠯᠡᠬᠦ ᠶᠢ ᠱᠠᠭᠠᠷᠳᠠᠬᠤ ᠡᠷᠬᠡ ᠲᠠᠢ᠂ ᠲᠤᠭᠤᠷᠢᠭ ᠤᠨ ᠵᠠᠰᠠᠭ ᠤᠨ | ᠣᠷᠲᠦᠨ ᠨᠢ ᠥᠭᠡᠷᠡᠴᠢᠯᠡᠬᠦ ᠡᠷᠬᠡ ᠦᠭᠡᠢ ᠪᠠᠶᠢᠳᠠᠯ ᠤᠨ ᠳᠤᠤᠷ᠎ᠠ᠂ ᠰᠢᠢᠳᠪᠦᠷᠢᠯᠡᠬᠦ ᠡᠷᠬᠡ ᠲᠠᠢ ᠪᠠᠶᠢᠭᠤᠯᠭ᠎ᠠ ᠳᠤ | ᠰᠢᠯᠵᠢᠭᠦᠯᠦᠨ ᠥᠭᠴᠦ ᠰᠢᠢᠳᠪᠦᠷᠢᠯᠡᠭᠦᠯᠬᠦ ᠪᠦᠭᠡᠳ ᠱᠠᠭᠠᠷᠳᠤᠯᠭ᠎ᠠ ᠲᠤᠷᠠᠳᠤᠭᠰᠠᠨ ᠬᠦᠮᠦᠨ ᠳᠤ ᠮᠡᠳᠡᠭᠳᠡᠨ᠎ᠡ᠃ | ᠲᠦᠷᠪᠡ᠂ ᠮᠡᠳᠡᠭᠡ ᠵᠠᠩᠭᠢ ᠢ ᠨᠡᠶᠢᠳᠡᠯᠡᠬᠦ ᠦᠷ᠎ᠡ ᠨᠥᠯᠦᠭᠡ | ︵ᠨᠢᠭᠡ︶ ᠲᠣᠭᠤᠷᠢᠭ ᠤᠨ ᠵᠠᠰᠠᠭ ᠤᠨ ᠣᠷᠲᠦᠨ ᠤ ᠨᠡᠶᠢᠭᠡᠮ ᠤᠨ ᠣᠯᠠᠨ ᠨᠡᠶᠢᠲᠡ ᠳᠤ ᠨᠡᠶᠢᠳᠡᠯᠡᠭᠰᠡᠨ ᠰᠠᠨᠠᠯ | ᠬᠤᠷᠢᠶᠠᠬᠤ ᠴᠢᠨᠠᠷᠲᠠᠢ ᠪᠢᠴᠢᠭ ᠮᠠᠲ᠋ᠧᠷᠢᠶᠠᠯ᠂ ᠵᠠᠰᠠᠭ ᠵᠠᠬᠢᠷᠭᠠᠨ ᠤ ᠰᠢᠢᠳᠪᠦᠷᠢᠲᠦ ᠪᠤᠲᠤᠯᠭ᠎ᠠ ᠶᠢᠨ ᠲᠦᠰᠦᠯ | ᠵᠡᠷᠭᠡ ᠨᠢ ᠵᠢᠩᠬᠢᠨᠢ ᠪᠢᠴᠢᠪᠦᠷᠢ ᠪᠣᠯᠬᠤ ᠠᠴᠠ ᠡᠮᠦᠨ᠎ᠡ ᠵᠠᠰᠠᠭ ᠵᠠᠬᠢᠷᠭᠠᠨ ᠤ ᠦᠷ᠎ᠡ ᠨᠦᠯᠦᠭᠡ ᠪᠠᠶᠢᠬᠤ ᠦᠭᠡᠢ᠂ | ᠵᠦᠪᠬᠡᠨ ᠣᠯᠠᠨ ᠲᠦᠮᠡᠨ ᠤ ᠶᠠᠷᠢᠶ᠎ᠠ ᠬᠡᠯᠡᠯᠴᠡᠭᠡᠨ ᠳᠤ ᠣᠷᠤᠯᠴᠠᠬᠤ ᠪᠠ ᠵᠠᠰᠠᠪᠤᠷᠢ ᠬᠢᠬᠦ ᠶᠢ ᠵᠦᠪᠰᠢᠶᠡᠷᠡᠨ᠎ᠡ᠃ | ︵ᠬᠤᠶᠠᠷ︶ ᠲᠤᠭᠤᠷᠢᠭ ᠤᠨ ᠵᠠᠰᠠᠭ ᠤᠨ ᠣᠷᠲᠦᠨ ᠠᠴᠠ ᠨᠡᠶᠢᠳᠡᠯᠡᠭᠰᠡᠨ ᠲᠦᠷᠢᠮᠵᠢᠭᠰᠡᠨ ᠴᠢᠨᠠᠷᠲᠠᠢ ᠪᠢᠴᠢᠭ | ᠮᠠᠲ᠋ᠧᠷᠢᠶᠠᠯ ᠵᠢᠴᠢ ᠪᠣᠰᠣᠳ ᠨᠡᠶᠢᠳᠡᠮ ᠬᠢᠵᠠᠭᠠᠷᠯᠠᠬᠤ ᠬᠦᠴᠦᠨ ᠲᠠᠢ ᠪᠢᠴᠢᠭ ᠮᠠᠲ᠋ᠧᠷᠢᠶᠠᠯ ᠨᠢ ᠨᠡᠶᠢᠭᠡᠮ ᠳᠤ | ᠨᠡᠶᠢᠲᠡᠯᠡᠵᠦ ᠬᠡᠷᠡᠭᠵᠢᠭᠦᠯᠦᠭᠰᠡᠨ ᠲᠡᠷᠡ ᠡᠲᠦᠷ ᠠᠴᠠ ᠡᠬᠢᠯᠡᠨ ᠵᠠᠰᠠᠭ ᠵᠠᠬᠢᠷᠭᠠᠨ ᠤ ᠦᠷ᠎ᠡ ᠨᠥᠯᠦᠭᠡ ᠲᠠᠢ ᠪᠣᠯᠤᠨ᠎ᠠ᠃ | | ᠬᠠᠤᠯᠢ ᠶᠣᠰᠤᠭᠠᠷ ᠨᠡᠶᠢᠭᠡᠮ ᠳᠤ ᠨᠡᠶᠢᠳᠡᠯᠡᠬᠦ ᠶᠤᠰᠤᠲᠠᠢ ᠭᠡᠪᠡᠴᠦ ᠬᠠᠷᠠᠬᠠᠨ ᠨᠡᠶᠢᠳᠡᠯᠡᠭᠡ ᠦᠭᠡᠢ ᠪᠢᠴᠢᠭ | ᠮᠠᠲ᠋ᠧᠷᠢᠶᠠᠯ ᠨᠢ ᠵᠠᠰᠠᠭ ᠵᠠᠬᠢᠷᠭᠠᠨ ᠤ ᠦᠷ᠎ᠡ ᠨᠦᠯᠦᠭᠡ ᠡᠭᠦᠰᠬᠦ ᠦᠭᠡᠢ᠃ | ᠲᠤᠰ ᠱᠠᠳᠦᠨ ᠤ ᠡᠷᠬᠡᠳᠦ ᠪᠠᠶᠢᠭᠤᠯᠤᠯᠭ᠎ᠠ ᠪᠣᠶᠤ ᠳᠡᠭᠡᠲᠦ ᠱᠠᠲᠦᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ ᠠᠴᠠ | ᠬᠦᠴᠦᠨ ᠦᠭᠡᠢ ᠪᠣᠯᠭᠠᠭᠰᠠᠨ ᠪᠢᠴᠢᠭ ᠮᠠᠲ᠋ᠧᠷᠢᠶᠠᠯ ᠨᠢ ᠨᠡᠶᠢᠳᠡᠯᠡᠭᠳᠡᠭᠰᠡᠨ ᠡᠳᠦᠷ ᠠᠴᠠ ᠡᠬᠢᠯᠡᠨ ᠵᠠᠰᠠᠭ ᠵᠠᠬᠢᠷᠭᠠᠨ ᠤ | ᠦᠷ᠎ᠡ ᠨᠥᠯᠦᠭᠡ ᠡᠭᠦᠰᠬᠦ ᠦᠭᠡᠢ᠃ | ︵ᠭᠤᠷᠪᠠ︶ ᠲᠤᠭᠤᠷᠢᠭ ᠤᠨ ᠵᠠᠰᠠᠭ ᠤᠨ ᠣᠷᠲᠦᠨ ᠠᠴᠠ ᠨᠡᠶᠢᠳᠡᠯᠡᠭᠰᠡᠨ ᠮᠡᠳᠡᠭᠡ ᠵᠠᠩᠭᠢ ᠨᠢ ᠨᠡᠶᠢᠭᠡᠮ ᠤᠨ | ᠣᠯᠠᠨ ᠨᠡᠶᠢᠲᠡ ᠳᠤ ᠨᠡᠶᠢᠳᠡᠯᠡᠭᠰᠡᠨ ᠰᠠᠨᠠᠯ ᠬᠤᠷᠢᠶᠠᠬᠤ ᠴᠢᠨᠠᠷᠲᠠᠢ ᠪᠢᠴᠢᠭ ᠮᠠᠲ᠋ᠧᠷᠢᠶᠠᠯ᠂ ᠵᠠᠰᠠᠭ ᠵᠠᠬᠢᠷᠭᠠᠨ ᠤ | ᠰᠢᠢᠳᠪᠦᠷᠢᠲᠦ ᠪᠤᠲᠤᠯᠭ᠎ᠠ ᠶᠢᠨ ᠲᠦᠰᠦᠯ ᠵᠡᠷᠭᠡ ᠵᠦᠪᠬᠡᠨ ᠣᠯᠠᠨ ᠲᠦᠮᠡᠨ ᠤ ᠶᠠᠷᠢᠶ᠎ᠠ ᠬᠡᠯᠡᠯᠴᠡᠭᠡᠨ ᠳᠤ ᠣᠷᠤᠯᠴᠠᠬᠤ | ᠪᠠ ᠵᠠᠰᠠᠪᠤᠷᠢ ᠬᠢᠬᠦ ᠶᠢ ᠵᠦᠪᠰᠢᠶᠡᠷᠡᠬᠦ ᠪᠢᠴᠢᠭ ᠮᠠᠲ᠋ᠧᠷᠢᠶᠠᠯ ᠠᠴᠠ ᠭᠠᠳᠠᠨ᠎ᠠ᠂ ᠪᠣᠰᠤᠳ ᠵᠠᠰᠠᠭ ᠤᠨ ᠣᠷᠲᠦᠨ ᠤ | ᠮᠡᠳᠡᠭᠡ ᠵᠠᠩᠭᠢ ᠨᠢ ᠨᠡᠶᠢᠳᠡᠯᠡᠭᠳᠡᠭᠰᠡᠨ ᠡᠳᠦᠷ ᠠᠴᠠ ᠡᠬᠢᠯᠡᠨ ᠢᠳᠡᠭᠡᠭᠦᠯᠬᠦ ᠬᠦᠴᠦᠨ ᠲᠠᠢ ᠪᠣᠶᠤ ᠭᠦᠢᠴᠡᠳᠬᠡᠬᠦ | ᠬᠦᠴᠦᠨ ᠲᠠᠢ᠃ | ᠲᠠᠪᠤ᠂ ᠠᠵᠢᠯ ᠤᠨ ᠪᠠᠶᠢᠭᠤᠯᠤᠮᠵᠢ | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠠᠵᠢᠯ ᠤᠨ ᠪᠠᠶᠢᠭᠤᠯᠤᠮᠵᠢ᠄ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠨᠢ | ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠵᠢᠴᠢ ᠪᠤᠰᠤᠳ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠢᠶᠠᠷ ᠪᠦᠷᠢᠯᠳᠦᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠵᠣᠬᠢᠶᠠᠨ | ᠪᠠᠶᠢᠭᠤᠯᠤᠨ ᠬᠡᠷᠡᠭᠵᠢᠭᠦᠯᠬᠦ᠂ ᠶᠡᠷᠦᠩᠬᠡᠶᠢᠯᠡᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠶᠢ | ᠬᠠᠷᠢᠭᠤᠴᠠᠨ᠎ᠠ᠃ ᠤᠲᠠᠰᠤ ᠵᠢᠴᠢ ᠹᠠᠺᠰ ᠤᠨ ᠨᠣᠮᠧᠷ᠄ 8469099︔ ᠰᠢᠦᠳᠠᠨ ᠳ᠋ᠤᠭᠠᠷ᠄ 024005᠃ | ᠵᠢᠷᠭᠤᠭ᠎ᠠ᠂ ᠬᠢᠨᠠᠯᠲᠠ ᠲᠠᠯᠪᠢᠬᠤ ᠠᠷᠭ᠎ᠠ ᠬᠡᠯᠪᠡᠷᠢ | ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠢ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠲᠤᠬᠠᠶ ᠤᠯᠠᠭᠠᠨᠬᠠᠳᠠ | ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠭᠤᠮᠣᠳᠠᠯ ᠲᠣᠭᠠᠴᠢᠬᠤ ᠪᠤᠶᠤ ᠵᠠᠭᠠᠯᠳᠤᠵᠤ ᠪᠣᠯᠤᠨ᠎ᠠ ︵ | ᠬᠠᠷᠢᠯᠴᠠᠬᠤ ᠤᠲᠠᠰᠤ᠄ 8469099︶᠂ ᠪᠠᠰᠠ ᠬᠢᠨᠠᠨ ᠪᠠᠶᠢᠴᠠᠭᠠᠬᠤ ᠪᠠᠶᠢᠭᠤᠯᠭ᠎ᠠ ᠳᠤ ᠢᠯᠡᠴᠢᠯᠡᠨ ᠮᠡᠳᠡᠭᠦᠯᠵᠦ | ᠪᠣᠯᠤᠨ᠎ᠠ᠂ ᠪᠠᠰᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠪᠤᠶᠤ ᠵᠠᠰᠠᠭ ᠵᠠᠬᠢᠷᠭᠠᠨ ᠤ ᠵᠠᠷᠭᠤ ᠶᠢᠨ ᠠᠷᠭ᠎ᠠ | ᠮᠠᠶ᠋ᠢᠭ ᠢᠶᠠᠷ ᠰᠢᠢᠳᠪᠦᠷᠢᠡᠯᠵᠦ ᠪᠣᠯᠤᠨ᠎ᠠ᠃ |