ᠰᠦᠩᠱᠠᠨ ᠲᠣᠭᠤᠷᠢᠭ ᠤᠨ 2021 ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2022/12/2
    ᠲᠣᠰ ᠵᠢᠯ ᠤᠨ ᠮᠡᠳᠡᠭᠦᠯᠦᠯᠲᠡ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢᠨ ᠵᠠᠭᠪᠤᠷ︾ ︵ᠲᠤᠷᠰᠢᠨ ᠬᠡᠷᠡᠭᠵᠢᠭᠦᠯᠬᠦ︶ ᠵᠢᠴᠢ 2021 ᠣᠨ ᠤ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠪᠠ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠬᠤᠯᠪᠣᠭᠳᠠᠯ ᠪᠥᠬᠦᠶ ᠨᠢᠭᠡᠴᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠣᠨ ᠤ ᠮᠡᠳᠡᠭᠦᠯᠦᠯᠲᠡ ᠶᠢ ᠦᠨᠳᠦᠰᠦᠯᠡᠨ ᠨᠠᠶᠢᠷᠠᠭᠤᠯᠤᠨ ᠵᠤᠬᠢᠶᠠᠪᠠ᠃ ᠲᠣᠰ ᠣᠨ ᠤ ᠮᠡᠳᠡᠭᠦᠯᠦᠯᠲᠡ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠶᠡᠷᠦᠩᠬᠡᠶ ᠪᠠᠶᠢᠳᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠪᠠᠶᠢᠳᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠭᠥᠯᠢᠶᠡᠨ ᠠᠪᠤᠭᠰᠠᠨ ᠪᠠ ᠰᠢᠢᠳᠪᠦᠷᠢᠯᠡᠭᠰᠡᠨ ᠪᠠᠶᠢᠳᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠠᠬᠢᠨ ᠵᠥᠪᠯᠡᠭᠦᠯᠬᠦ ᠪᠠᠷ ᠭᠤᠶᠤᠴᠢᠯᠠᠭᠳᠠᠭᠰᠠᠨ᠂ ᠵᠠᠭᠠᠯᠳᠤᠯᠭ᠎ᠠ ᠭᠠᠷᠭᠠᠭᠰᠠᠨ ᠪᠠᠶᠢᠳᠠᠯ᠂ ᠣᠷᠣᠰᠢᠵᠤ ᠪᠠᠶᠢᠭ᠎ᠠ ᠭᠤᠤᠯ ᠠᠰᠠᠭᠤᠳᠠᠯ ᠪᠠ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠡᠷᠭᠡ ᠬᠡᠰᠡᠭ ᠢᠶᠠᠷ ᠪᠦᠷᠢᠯᠳᠦᠨ᠎ᠡ᠃ ᠮᠡᠳᠡᠭᠦᠯᠦᠯᠲᠡ ᠳᠤ ᠵᠢᠭᠰᠠᠭᠠᠭᠰᠠᠨ ᠲᠤᠭ᠎ᠠ ᠪᠠᠷᠢᠮᠲᠠ ᠶᠢᠨ ᠪᠦᠷᠢᠳᠬᠡᠬᠦ ᠬᠤᠭᠤᠴᠠᠭ᠎ᠠ ᠨᠢ 2021 ᠣᠨ ᠤ 1 ᠰᠠᠷ᠎ᠠ ᠶᠢᠨ 1 ᠤ ᠡᠳᠦᠷ ᠠᠴᠠ 2021 ᠣᠨ ᠤ 12 ᠰᠠᠷ᠎ᠠ ᠶᠢᠨ 31 ᠤ ᠡᠳᠦᠷ ᠳᠠᠭᠤᠰᠤᠨ᠎ᠠ᠃ ᠲᠣᠰ ᠮᠡᠳᠡᠭᠦᠯᠦᠯᠲᠡ ᠶᠢᠨ ᠡᠯᠧᠺᠲᠷᠣᠨ ᠬᠡᠪᠯᠡᠯ ᠢ ︽ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︾ ᠤ  ᠠᠯᠪᠠᠨ ᠰᠦᠯᠵᠢᠶ᠎ᠡ ︵http://www.ssq.gov.cn︶ ᠠᠴᠠ ᠪᠠᠶᠢᠴᠠᠭᠠᠨ ᠦᠵᠡᠵᠦ ᠪᠣᠯᠤᠨ᠎ᠠ᠃ ᠬᠡᠷᠪᠡ ᠲᠣᠰ ᠵᠢᠯ ᠤᠨ ᠮᠡᠳᠡᠭᠦᠯᠦᠯᠲᠡ ᠳᠤ ᠮᠠᠳᠠᠭ ᠲᠠᠢ ᠪᠣᠯ᠂ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠠᠢ ᠬᠠᠷᠢᠯᠴᠠᠭᠠᠷᠠᠶ ︵ᠤᠲᠠᠰᠤ᠄ 0476 — 8469099︶᠃    ᠨᠢᠭᠡ᠂ ᠶᠡᠷᠦᠩᠬᠡᠶ ᠪᠠᠶᠢᠳᠠᠯ    2021 ᠣᠨ ᠳᠤ᠂ ᠰᠦᠩᠱᠠᠨ ᠲᠣᠭᠤᠷᠢᠭ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠳᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ᠢ ᠣᠨᠣᠪᠴᠢᠲᠠᠢ ᠬᠡᠷᠡᠭᠵᠢᠭᠦᠯᠵᠦ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠲᠠᠢ ᠨᠢᠭᠲᠠ ᠤᠶᠠᠯᠳᠤᠭᠤᠯᠵᠠᠢ᠃ ᠢᠯᠡ ᠲᠣᠳᠣ᠂ ᠴᠠᠭ ᠲᠤᠬᠠᠶ ᠳᠤᠨᠢ ᠠᠷᠠᠳ ᠲᠤ ᠲᠥᠬᠦᠮ ᠦᠵᠡᠭᠦᠯᠬᠦ ᠪᠠᠷ ᠵᠠᠷᠴᠢᠮ ᠪᠣᠯᠭᠠᠬᠤ ᠶᠢ ᠪᠠᠷᠢᠮᠲᠠᠯᠠᠪᠠ︔ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠬᠠᠷᠠᠯᠲᠠ ᠪᠤᠯᠭᠠᠪᠠ︔ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠤᠳᠤᠷᠢᠳᠤᠯᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠠᠷᠠᠳ ᠤᠯᠠᠨ ᠤ ᠡᠯ᠎ᠡ ᠬᠦᠷᠢᠶᠡᠨ ᠳᠠᠬᠢ ᠠᠵᠢᠯ ᠤᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ ᠪᠠ ᠬᠢᠨᠠᠯᠲᠠ ᠲᠠᠯᠪᠢᠬᠤ ᠡᠷᠬᠡ ᠶᠢ ᠦᠨᠡᠨ ᠬᠦ ᠪᠠᠲᠤᠯᠠᠪᠠ᠃    ᠬᠤᠶᠠᠷ᠂ ᠰᠠᠨᠠᠭᠠᠴᠢᠯᠠᠭ᠎ᠠ ᠠᠴᠠ ᠪᠠᠨ ᠵᠠᠰᠠᠭ ᠤᠨ ᠣᠷᠳᠣᠨ ᠤ ᠮᠡᠳᠡᠭᠡ ᠵᠠᠩᠬᠢ ᠶᠢ  ᠢᠯᠡ ᠪᠤᠯᠭᠠᠭᠰᠠᠨ  ᠪᠠᠶᠢᠳᠠᠯ    ᠨᠠᠷᠢᠯᠢᠭ ᠪᠠᠶᠢᠳᠠᠯ ᠢ ᠰᠦᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ    ᠭᠤᠷᠪᠠ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠬᠦᠯᠢᠶᠡᠨ ᠠᠪᠤᠭᠰᠠᠨ ᠪᠠ  ᠰᠢᠢᠳᠪᠦᠷᠢᠯᠡᠭᠰᠡᠨ ᠪᠠᠶᠢᠳᠠᠯ    ᠨᠠᠷᠢᠯᠢᠭ ᠪᠠᠶᠢᠳᠠᠯ ᠢ ᠰᠦᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ    ᠳᠥᠷᠪᠡ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠭᠰᠡᠨ᠂ ᠵᠠᠰᠠᠭ ᠵᠠᠬᠢᠷᠭᠠᠨ ‍ᠤ‌ᠵᠠᠷᠭᠤ ᠬᠢᠭᠰᠡᠨ ᠪᠠᠶᠢᠳᠠᠯ    ᠨᠠᠷᠢᠯᠢᠭ ᠪᠠᠶᠢᠳᠠᠯ ᠢ ᠰᠦᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ    ᠲᠠᠪᠤ᠂ ᠣᠷᠣᠰᠢᠵᠤ ᠪᠠᠶᠢᠭ᠎ᠠ ᠭᠤᠤᠯ ᠠᠰᠠᠭᠤᠳᠠᠯ ᠵᠢᠴᠢ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ    ︵ᠨᠢᠭᠡ︶ ᠣᠷᠣᠰᠢᠵᠤ ᠪᠠᠶᠢᠭ᠎ᠠ ᠠᠰᠠᠭᠤᠳᠠᠯ᠃ ᠨᠢᠭᠡ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠬᠢᠷᠢ ᠬᠡᠮᠵᠢᠶ᠎ᠡ ᠶᠢ ᠪᠠᠰᠠ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠭᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠶ ᠪᠠᠶᠢᠵᠤ᠂ ᠬᠤᠭᠤᠴᠠᠭᠠᠲᠤ ᠴᠢᠨᠠᠷ ᠢ ᠤᠯᠠᠮ ᠨᠢᠭᠡ ᠠᠯᠬᠤᠮ ᠴᠢᠩᠭᠠᠷᠠᠭᠤᠯᠬᠤ ᠴᠢᠬᠤᠯᠠᠲᠠᠶ ᠪᠠᠶᠢᠨ᠎ᠠ︔ ᠬᠤᠶᠠᠷ ᠲᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ ᠪᠠᠶᠢᠨ᠎ᠠ᠂ ᠢᠯᠠᠩᠭᠤᠶ᠎ᠠ ᠵᠠᠰᠠᠭ ᠤᠨ ᠶᠠᠪᠤᠳᠠᠯ ᠢ ᠢᠯᠡ ᠪᠣᠯᠭᠠᠬᠤ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠠᠵᠢᠯ ᠨᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠱᠠᠭᠠᠷᠳᠠᠯᠭ᠎ᠠ ᠠᠴᠠ ᠪᠠᠰᠠ ᠵᠣᠬᠢᠬᠤ ᠵᠥᠷᠢᠶ᠎ᠡ ᠲᠠᠢ ᠪᠠᠶᠢᠨ᠎ᠠ᠃    ︵ᠬᠤᠶᠠᠷ︶ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ᠃ ᠨᠢᠭᠡ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠯ᠎ᠡ ᠵᠦᠢᠯ ᠤᠨ ᠲᠦᠷᠢᠮ ᠢ ᠪᠦᠷᠢᠨᠰᠢᠭᠦᠯᠵᠦ᠂ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠴᠤᠪᠤᠷᠠᠯ ᠢ ᠵᠢᠷᠤᠮᠵᠢᠭᠤᠯᠵᠤ᠂ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠡᠭᠦᠷᠭᠡ ᠲᠣᠳᠣᠷᠬᠠᠶ᠂ ᠠᠭᠤᠯᠭ᠎ᠠ ᠵᠢᠷᠤᠮᠵᠢᠯ ᠲᠠᠢ᠂ ᠴᠠᠭ ᠲᠤᠬᠠᠶ ᠳᠤᠨᠢ ᠨᠡᠶᠢᠲᠡᠯᠡᠬᠦ ᠶᠢ ᠦᠨᠡᠨᠬᠦ ᠪᠠᠲᠤᠯᠠᠨ᠎ᠠ᠃ ᠬᠤᠶᠠᠷ ᠲᠤ ᠢᠯᠡ ᠪᠣᠯᠭᠠᠬᠤ ᠠᠭᠤᠯᠭ᠎ᠠ ᠶᠢ ᠪᠠᠶᠠᠯᠢᠭᠵᠢᠭᠤᠯᠤᠨ᠎ᠠ᠃ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ ᠣᠯᠠᠨ ᠨᠡᠶᠢᠲᠡ ᠪᠠᠷ ᠢᠶᠠᠨ ᠣᠷᠣᠯᠴᠠᠬᠤ ᠵᠡᠷᠭᠡ ᠣᠯᠠᠨ ᠲᠠᠯ᠎ᠠ ᠪᠠᠷ ᠳᠠᠮᠵᠢᠭᠤᠯᠤᠨ᠂ ᠣᠯᠠᠨ ᠨᠡᠶᠢᠲᠡ ᠶᠢᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ ᠣᠯᠠᠨ ᠲᠦᠮᠡᠨ ᠯᠦᠭᠡ ᠨᠢᠭᠲᠠ ᠬᠠᠷᠢᠯᠴᠠᠭ᠎ᠠ ᠲᠠᠢ ᠭᠤᠤᠯᠳᠠᠯᠭ᠎ᠠ ᠶᠢ ᠢᠯᠡ ᠪᠣᠯᠭᠠᠵᠤ᠂ ᠮᠡᠳᠡᠭᠡ ᠵᠠᠩᠭᠢ ᠶᠢ ᠢᠯᠡ ᠪᠣᠯᠭᠠᠬᠤ ᠠᠭᠤᠯᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠤᠨ᠎ᠠ᠃ ᠭᠤᠷᠪᠠ ᠳᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠢᠳᠡᠪᠬᠢᠲᠡᠶ ᠥᠷᠨᠢᠭᠦᠯᠵᠦ᠂ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠵᠤ᠂ ᠮᠡᠳᠡᠭᠡ ᠵᠠᠩᠭᠢ ᠶᠢ ᠢᠯᠡ ᠪᠣᠯᠭᠠᠬᠤ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨᠬᠦ ᠪᠠᠲᠤᠯᠠᠨ᠎ᠠ     ᠵᠢᠷᠭᠤᠭ᠎ᠠ᠂ ᠪᠤᠰᠤᠳ ᠮᠡᠳᠡᠭᠦᠯᠬᠦ ᠴᠢᠬᠤᠯᠠᠲᠠᠢ ᠵᠦᠢᠯ    ᠦᠭᠡᠢ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号