ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠰᠢᠭᠯᠠᠯᠲᠠ ᠳᠤ ᠤᠷᠤᠪᠠ
ᠨᠡᠶᠢᠲᠡᠯᠡᠭᠰᠡᠨ ᠴᠠᠭ᠄
2022/12/28
       ᠰᠢᠨ᠎ᠡ ᠪᠠᠷ ᠠᠰᠢᠭᠯᠠᠯᠲᠠ ᠳᠤ ᠣᠷᠣᠭᠤᠯᠤᠭᠰᠠᠨ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠰᠦᠩᠪᠸᠢ ᠶᠢᠨ ᠰᠢᠨ᠎ᠡ ᠬᠤᠲᠠ ᠶᠢᠨ ᠪᠠᠶ ᠯᠢᠦ ᠵᠠᠮ ᠪᠣᠯᠤᠨ ᠰᠦᠩ ᠶᠤᠸᠠᠢ ᠵᠡᠭᠡᠯᠢ ᠶᠢᠨ ᠠᠭᠤᠯᠵᠠᠷ ᠲᠤ ᠪᠠᠶᠢᠷᠢᠯᠠᠵᠤ᠂ ᠶᠡᠷᠦᠩᠬᠡᠶ ᠪᠡᠯᠡ ᠣᠷᠣᠭᠤᠯᠤᠯᠲᠠ 2.2 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠶ ᠬᠡᠷᠡᠭᠯᠡᠬᠦ ᠭᠠᠵᠠᠷ ᠤᠨ ᠲᠠᠯᠠᠪᠠᠶ ᠨᠢ 1.78 ᠲᠦᠮᠡᠨ ᠲᠡᠭᠰᠢ ᠳᠥᠷᠪᠡᠯᠵᠢᠨ ᠮᠧᠲᠷ᠂ ᠲᠥᠯᠥᠪᠵᠢᠭᠦᠯᠦᠭᠰᠡᠨ ᠪᠠᠷᠢᠯᠭ᠎ᠠ ᠶᠢᠨ ᠲᠠᠯᠠᠪᠠᠶ ᠨᠢ 4.34 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠨᠢᠭᠡ ᠠᠴᠠ ᠭᠤᠷᠪᠠᠳᠤᠭᠠᠷ ᠳᠠᠪᠬᠤᠷ ᠲᠤ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠶᠡᠭᠡ ᠲᠢᠩᠬᠢᠮ ᠪᠠᠶᠢᠵᠤ᠂ ᠴᠢᠳᠠᠮᠵᠢ ᠶᠢ ᠨᠢ ᠦᠨᠳᠦᠰᠦᠯᠡᠨ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠶᠡᠷᠦᠩᠬᠡᠶᠢᠯᠡᠭᠰᠡᠨ ᠴᠣᠩᠬᠤ᠂ ᠭᠠᠶᠢᠯᠢ ᠶᠢᠨ ᠶᠠᠪᠤᠳᠠᠯ᠂ ᠠᠵᠤ ᠦᠢᠯᠡᠳᠪᠦᠷᠢ ᠶᠢᠨ ᠥᠭᠡᠷᠡᠴᠢᠯᠡᠯᠲᠡ᠂ ᠳᠣᠲᠣᠭᠠᠳᠤ ᠶᠢ ᠬᠠᠮᠠᠭᠠᠯᠠᠬᠤ᠂ ᠦᠯᠦ ᠬᠥᠳᠡᠯᠬᠦ ᠬᠦᠷᠦᠩᠭᠡ ᠶᠢ ᠳᠠᠩᠰᠠᠯᠠᠬᠤ᠂ ᠠᠷᠤ ᠲᠠᠯ᠎ᠠ ᠶᠢᠨ ᠬᠢᠨᠠᠨ ᠵᠥᠪᠰᠢᠶᠡᠷᠡᠯ᠂ ᠵᠠᠮ ᠲᠡᠭᠡᠭᠡᠪᠦᠷᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ 9 ᠲᠤᠰᠬᠠᠢ ᠣᠷᠣᠨ ᠪᠠ 180 ᠭᠠᠷᠤᠢ ᠦᠢᠯᠡᠴᠢᠯᠡᠭᠡᠨ ᠤ ᠴᠣᠩᠬᠤ ᠬᠤᠪᠢᠶᠠᠬᠤ ᠶᠢᠨ ᠬᠠᠮᠲᠤ ᠥᠪᠡᠷᠲᠡᠭᠡᠨ ᠦᠢᠯᠡᠴᠢᠯᠡᠬᠦ ᠲᠤᠰᠬᠠᠢ ᠣᠷᠣᠨ᠂ ᠠᠮᠠᠷᠠᠵᠤ ᠬᠦᠯᠢᠶᠡᠬᠦ ᠣᠷᠣᠨ᠂ ᠠᠰᠠᠭᠤᠨ ᠯᠠᠪᠯᠠᠬᠤ ᠲᠠᠪᠴᠠᠩ᠂ ᠤᠷᠤᠭ ᠤᠨ ᠪᠦᠷᠢᠳᠬᠡᠯ ᠤᠨ ᠦᠨᠡᠮᠯᠡᠯ ᠣᠯᠭᠤᠬᠤ ᠲᠠᠰᠤᠭ᠂ ᠡᠬᠡ ᠨᠢᠯᠬᠠᠰ ᠤᠨ ᠦᠷᠦᠭᠡ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢ ᠵᠣᠬᠢᠴᠠᠩᠭᠤᠢ ᠪᠠᠷ ᠲᠤᠬᠢᠷᠠᠭᠤᠯᠵᠠᠢ᠃         ᠰᠢᠨ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠶᠡᠭᠡ ᠲᠢᠩᠬᠢᠮ ᠤᠨ ᠬᠤᠪᠢᠶᠠᠷᠢ ᠴᠢᠳᠠᠮᠵᠢ ᠨᠢ ᠤᠯᠠᠮ ᠲᠡᠭᠦᠯᠳᠡᠷᠵᠢᠵᠦ᠂ ᠲᠠᠯᠠᠪᠤᠷ ᠭᠠᠵᠠᠷ ᠤᠨ ᠢᠯᠡᠳᠬᠡᠮᠵᠢ ᠲᠡᠮᠳᠡᠭ᠂ ᠴᠣᠩᠬᠤ ᠲᠣᠬᠢᠷᠠᠭᠤᠯᠬᠤ᠂ ᠲᠤᠬᠠᠶᠢᠯᠠᠭᠰᠠᠨ ᠠᠵᠢᠯ ᠭᠦᠢᠴᠡᠳᠬᠡᠬᠦ ᠵᠡᠷᠭᠡ ᠳᠤ ᠰᠢᠰᠲ᠋ᠧᠮ ᠲᠠᠢ ᠵᠢᠷᠤᠮᠵᠢᠯ ᠬᠢᠵᠦ᠂ ᠤᠯᠠᠮᠵᠢᠯᠠᠯᠲᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠰᠠᠭᠤᠷᠢᠨ ᠳᠡᠭᠡᠷ᠎ᠡ᠂ ᠥᠪᠡᠰᠦᠪᠡᠨ ᠦᠢᠯᠡᠴᠢᠯᠡᠬᠦ ᠬᠠᠭᠤᠳᠠᠰᠤ ᠲᠠᠭᠯᠠᠬᠤ ᠮᠠᠰᠢᠨ᠂ ᠥᠪᠡᠰᠦᠪᠡᠨ ᠦᠢᠯᠡᠴᠢᠯᠡᠬᠦ ᠤᠶᠤᠨᠲᠤ ᠨᠢᠭᠡ ᠴᠣᠭᠴᠠᠲᠤ ᠮᠠᠰᠢᠨ᠂ ᠤᠶᠤᠨᠲᠤ ᠮᠠᠰᠢᠨ ᠬᠥᠮᠦᠨ ᠵᠡᠷᠭᠡ ᠲᠥᠬᠦᠭᠡᠷᠦᠮᠵᠢ ᠶᠢ ᠨᠡᠮᠡᠵᠦ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ᠂ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠰᠢᠨ᠎ᠡ ᠮᠡᠷᠭᠡᠵᠢᠯ ᠢ ᠭᠦᠢᠴᠡᠳ ᠬᠡᠷᠡᠭᠯᠡᠨ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠨᠠᠩ ᠣᠶᠤᠨᠴᠢ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠪᠠ᠃         ᠰᠢᠨ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠢ ᠠᠰᠢᠭᠯᠠᠯᠲᠠ ᠳᠤ ᠣᠷᠣᠭᠤᠯᠤᠭᠰᠠᠨ ᠨᠢ᠂ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠬᠢᠷᠢ ᠲᠦᠪᠰᠢᠨ ᠢ ᠲᠦᠢᠯ ᠤᠨ ᠶᠡᠭᠡ ᠪᠠᠷ ᠳᠡᠭᠡᠭᠰᠢᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠣᠯᠠᠨ ᠴᠢᠨᠠᠷ ᠰᠠᠶᠢᠲᠠᠶ ᠂ ᠠᠷᠠᠳ ᠲᠤ ᠲᠥᠬᠦᠮ ᠦᠵᠡᠭᠦᠯᠬᠦ᠂ ᠥᠨᠳᠥᠷ ᠪᠦᠲᠦᠮᠵᠢᠲᠡᠶ ᠳᠣᠲᠣᠨᠣ ᠦᠢᠯᠡᠴᠢᠯᠡᠭᠡ  ᠬᠠᠩᠭᠠᠬᠤ ᠪᠤᠯᠤᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号