ᠰᠦᠩᠱᠠᠨ ᠲᠣᠭᠤᠷᠢᠭ ᠠᠵᠤ ᠠᠬᠤᠶ ᠨᠢ ᠬᠦᠴᠢᠷᠳᠡᠯᠲᠡᠶ ᠨᠠᠰᠤᠲᠠᠶᠢᠴᠤᠳ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ ᠤᠯᠭᠤᠬᠤ ᠠᠵᠢᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/12/30
       ᠰᠦᠩᠱᠠᠨ ᠲᠣᠭᠤᠷᠢᠭ ᠨᠢ ᠰᠦᠩᠱᠠᠨ ᠲᠣᠭᠤᠷᠢᠭ ᠤᠨ ᠡᠷᠦᠬᠡ ᠠᠮᠠ ᠶᠢᠨ ᠲᠠᠩᠰᠠ ᠲᠠᠢ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠭᠥᠷᠳᠡᠵᠦ ᠪᠠᠶᠢᠭ᠎ᠠ 70 — 79 ᠪᠦᠬᠦᠯᠢ ᠨᠠᠰᠤᠨ ᠤ ᠠᠵᠤ ᠠᠬᠤᠶ ᠶᠢᠨ ᠬᠦᠴᠢᠷᠳᠡᠯᠲᠡᠶ ᠨᠠᠰᠤᠲᠠᠶᠢᠴᠤᠳ ᠲᠤ ᠬᠥᠮᠦᠨ ᠪᠦᠷᠢ ᠰᠠᠷ᠎ᠠ ᠳᠤ 50 ᠲᠥᠭᠦᠷᠢᠭ ᠤᠨ ᠪᠠᠷᠢᠮᠵᠢᠶ᠎ᠠ ᠪᠠᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ ᠤᠯᠭᠤᠪᠠ᠃         ᠤᠳᠤ ᠪᠣᠯᠲᠠᠯ᠎ᠠ᠂ ᠰᠦᠩᠱᠠᠨ ᠲᠣᠭᠤᠷᠢᠭ 1 — 11 ᠰᠠᠷ᠎ᠠ ᠶᠢᠨ ᠠᠵᠤ ᠠᠬᠤᠶ ᠶᠢᠨ ᠬᠦᠴᠢᠷᠳᠡᠯᠲᠡᠶ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ ᠮᠥᠩᠭᠦ ᠶᠢ ᠨᠢᠭᠡᠨᠲᠡ ᠪᠦᠬᠦᠨ ᠢ ᠲᠠᠷᠬᠠᠭᠠᠵᠤ᠂ ᠨᠡᠶᠢᠲᠡ 11853 ᠠᠵᠤ ᠠᠬᠤᠶ ᠶᠢᠨ ᠬᠦᠴᠢᠷᠳᠡᠯᠲᠡᠶ ᠨᠠᠰᠤᠲᠠᠶᠢᠴᠤᠳ ᠲᠤ 617 ᠲᠦᠮᠡ ᠭᠠᠷᠤᠶ ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ ᠣᠯᠭᠤᠵᠤ᠂ ᠠᠵᠤ ᠠᠬᠤᠶ ᠶᠢᠨ ᠬᠦᠴᠢᠷᠳᠡᠯᠲᠡᠶ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠦᠨᠡᠨ ᠬᠦ ᠨᠡᠮᠡᠭᠳᠡᠭᠦᠯᠪᠡ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号