ᠵᠦᠩ ᠴᠢᠩ ᠰᠦᠩ 2022 ᠣᠨ ᠤ ᠲᠣᠭᠤᠷᠢᠭ ᠤᠨ ᠵᠠᠰᠠᠭ ᠤᠨ ᠣᠷᠳᠣᠨ ᠤ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/30
       12 ᠰᠠᠷ᠎ᠠ ᠶᠢᠨ 27 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ 2022 ᠣᠨ ᠤ ᠲᠣᠭᠤᠷᠢᠭ ᠤᠨ ᠵᠠᠰᠠᠭ ᠤᠨ ᠣᠷᠳᠣᠨ ᠤ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃        ᠬᠤᠷᠠᠯ ᠠᠴᠠ ᠲᠥᠪ᠂ ᠥᠪᠡᠷᠲᠡᠭᠡᠨ ᠵᠠᠰᠠᠬᠤ ᠣᠷᠣᠨ ᠵᠢᠴᠢ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 2022 ᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠵᠢᠴᠢ 2023 ᠣᠨ ᠤ ᠰᠢᠨ᠎ᠡ ᠪᠠᠷ ᠪᠠᠶᠢᠭᠤᠯᠬᠤ ᠭᠤᠣᠯᠳᠠᠯᠭ᠎ᠠ ᠲᠠᠢ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠤᠨ ᠠᠬᠢᠴᠠ ᠶᠢᠨ ᠪᠠᠶᠢᠳᠠᠯ ᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃        ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠣᠭᠤᠷᠢᠭ ᠢᠶᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠵᠢᠴᠢ ᠮᠠᠨ ᠤ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨᠬᠦ ᠨᠢᠭᠡᠳᠬᠡᠵᠦ᠂ ᠨᠠᠮ ᠤᠨ ᠲᠥᠪ ᠬᠤᠷᠢᠶᠠᠨ ᠤ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠴᠢᠬᠤᠯᠠ ᠮᠠᠭᠠᠳᠯᠠᠯᠲᠠ ᠪᠣᠯᠤᠨ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠴᠢᠬᠤᠯᠠ ᠲᠤᠬᠢᠷᠠᠭᠤᠯᠤᠯᠳᠠ ᠶᠢ ᠭᠦᠨᠵᠡᠭᠡᠢ ᠣᠶᠢᠯᠠᠭᠠᠵᠤ᠂ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠰᠦᠩᠱᠠᠨ ᠲᠣᠭᠤᠷᠢᠭ ᠤᠨ ᠪᠣᠳᠠᠲᠠᠢ ᠪᠠᠶᠢᠳᠠᠯ ᠢ ᠦᠨᠳᠦᠰᠦᠯᠡᠨ᠂ ᠢᠷᠡᠬᠦ ᠵᠢᠯ ᠤᠨ ᠬᠠᠷᠠᠯᠲᠠ ᠡᠭᠦᠷᠭᠡ ᠪᠣᠯᠤᠨ ᠠᠵᠢᠯ ᠤᠨ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠴᠢᠷᠮᠠᠶᠢᠨ ᠪᠡᠶᠡᠯᠡᠭᠦᠯᠵᠦ ᠂ ᠰᠦᠩᠱᠠᠨ ᠲᠣᠭᠤᠷᠢᠭ ᠤᠨ ᠳᠠᠪᠠᠯᠲᠠ ᠶᠢ ᠠᠬᠢᠭᠤᠯᠬᠤ ᠬᠡᠷᠡᠭᠲᠡᠢ᠃ ᠤᠯᠤᠰ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠰᠤᠷᠤᠯᠴᠠᠯᠭ᠎ᠠ ᠰᠤᠳᠤᠯᠭᠠᠨ ᠢ ᠴᠢᠩᠭᠠᠳᠬᠠᠵᠤ᠂ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠦᠷᠦ ᠶᠢᠨ ᠪᠤᠳᠤᠯᠭ᠎ᠠ ᠶᠢᠨ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠡᠳ᠋ᠯᠡᠬᠦ ᠬᠡᠷᠡᠭᠲᠡᠢ᠃        ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠠᠬᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠱᠠᠲᠤᠨ ᠳᠠᠬᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢ ᠭᠦᠨᠵᠡᠭᠡᠢ ᠤᠢᠢᠯᠠᠭᠠᠨ ᠡᠵᠡᠮᠰᠢᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠠᠬᠢᠴᠠ ᠳᠠᠬᠢ ᠬᠥᠳᠡᠭᠡ ᠠᠵᠤ ᠠᠬᠤᠢ ᠶᠢᠨ ︽ᠰᠠᠭᠤᠷᠢ ᠴᠢᠯᠠᠭᠤ︾ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠤᠰᠤ ᠪᠠᠷ ᠭᠠᠷᠤᠯᠲᠠ ᠶᠢ ᠲᠣᠭᠲᠠᠭᠠᠵᠤ᠂ ᠤᠰᠤ ᠶᠢ ᠦᠵᠡᠨ ᠤᠷᠤᠭᠰᠢᠯᠠᠬᠤ ᠶᠢ ᠪᠠᠷᠢᠮᠲᠠᠯᠠᠵᠤ᠂ ᠰᠦᠩᠱᠠᠨ ᠤ ᠣᠨᠴᠠᠯᠢᠭ ᠲᠠᠢ  ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢ ᠢᠳᠡᠪᠬᠢᠲᠡᠢ ᠰᠦᠪᠡᠭᠴᠢᠯᠡᠵᠦ᠂ ᠰᠢᠨ᠎ᠡ ᠬᠥᠭᠵᠢᠯᠲᠡ ᠶᠢᠨ ᠱᠠᠲᠤᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠰᠢᠨ᠎ᠡ ᠬᠠᠭᠤᠳᠠᠰᠤ ᠶᠢ ᠪᠢᠴᠢᠭᠯᠡᠵᠦ᠂ ︽ᠭᠤᠷᠪᠠᠨ ᠴᠤᠭᠯᠠᠷᠠᠯ︾ ᠤᠨ ᠰᠡᠳᠬᠢᠴᠡ ᠶᠣᠰᠣᠭᠠᠷ᠂ ᠠᠵᠤ ᠦᠢᠯᠡᠰ ᠢ ᠡᠷᠡᠰ ᠭᠤᠶᠢᠪᠢᠰᠢ ᠦᠭᠡᠢ ᠠᠳᠬᠤᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠳᠦᠯᠥᠨ ᠳᠠᠭᠠᠭᠤᠯᠬᠤ ᠬᠡᠷᠡᠭᠲᠡᠢ᠃ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ  ᠦᠢᠯᠡᠳᠦᠯᠭᠡ ᠶᠢ ᠠᠬᠢᠭᠤᠯᠤᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠰᠢᠭ ᠲᠤᠰᠠ ᠶᠢᠨ ᠬᠤᠯᠪᠣᠭ᠎ᠠ ᠶᠢᠨ ᠲᠣᠭᠲᠠᠴᠠ ᠶᠢ ᠭᠦᠢᠴᠡᠳ ᠵᠣᠯᠭᠠᠭᠤᠯᠬᠤ ᠶᠢ ᠠᠬᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠪᠣᠳᠠᠲᠤ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠶ᠃        ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠤ ᠡᠷᠡᠭᠦᠯ ᠮᠡᠨᠳᠤ ᠶᠢᠨ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠬᠢᠵᠢᠭ ᠳᠡᠯᠭᠡᠷᠡᠬᠦ ᠬᠠᠨᠳᠤᠰᠢ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ ᠂ ᠬᠢᠵᠢᠭ ᠢ ᠰᠡᠷᠭᠡᠶᠢᠯᠡᠬᠦ ᠠᠵᠢᠯ ᠤᠨ ᠭᠤᠣᠯᠳᠠᠯᠭ᠎ᠠ ᠶᠢ ᠣᠨᠣᠪᠴᠢᠲᠠᠢ ᠡᠵᠡᠮᠳᠡᠵᠦ᠂ ᠡᠷᠡᠭᠦᠯ ᠮᠡᠨᠳᠤ ᠶᠢ ᠬᠠᠮᠠᠭᠠᠯᠠᠬᠤ᠂ ᠬᠦᠨᠳᠦ ᠡᠪᠡᠳᠴᠢᠨ ᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠡᠷᠡᠰ ᠰᠠᠬᠢᠬᠤ ᠬᠡᠷᠡᠭᠲᠡᠢ᠃ ᠠᠵᠢᠯᠳᠠᠨ ᠤ ᠬᠦᠴᠦᠨ ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠡᠮ ᠡᠮᠨᠡᠯᠭᠡ ᠶᠢᠨ ᠪᠠᠶᠢᠭᠤᠯᠤᠮᠵᠢ ᠪᠠ ᠡᠮᠴᠢ ᠰᠤᠪᠢᠯᠠᠭᠴᠢ ᠶᠢᠨ ᠰᠡᠷᠭᠡᠶᠢᠯᠡᠨ ᠬᠠᠮᠠᠭᠠᠯᠠᠯᠲᠠ ᠶᠢ ᠴᠢᠩᠭᠠᠳᠬᠠᠵᠤ᠂ ᠠᠵᠢᠯ ᠤᠨ ᠡᠭᠦᠷᠭᠡ ᠶᠢ ᠵᠦᠢ ᠵᠣᠬᠢᠰᠲᠠᠶ ᠲᠣᠬᠢᠷᠠᠭᠤᠯᠤᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠲᠠᠶᠢᠴᠢᠨ ᠬᠦᠴᠦᠨ ᠢ ᠪᠠᠲᠤᠯᠠᠬᠤ ᠬᠡᠷᠡᠭᠲᠡᠶ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠸᠢᠷᠦ᠋ᠰ ᠢ ᠰᠢᠨᠵᠢᠯᠡᠬᠦ ᠤᠬᠠᠭᠠᠨᠴᠢ ᠪᠠᠷ ᠲᠠᠨᠢᠭᠤᠯᠵᠤ᠂ ᠠᠶᠤᠨ ᠰᠠᠨᠳᠤᠷᠬᠤ ᠰᠡᠳᠬᠢᠴᠡ ᠶᠢ ᠨᠢ ᠠᠷᠢᠯᠭᠠᠨ᠂ ᠥᠪᠡᠷ ᠢ ᠪᠠᠨ ᠬᠠᠮᠠᠭᠠᠯᠠᠬᠤ ᠶᠢ ᠴᠢᠩᠭᠠᠳᠬᠠᠵᠤ᠂ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠢᠶᠠᠨ ᠪᠣᠯᠭᠠᠬᠤ ᠬᠡᠷᠡᠭᠲᠡᠶ᠃ ᠬᠠᠷᠢᠶᠠᠲᠤ ᠣᠷᠣᠨ ᠤ ᠳᠣᠲᠣᠷᠠᠬᠢ ᠨᠠᠰᠤᠲᠠᠶᠢᠴᠤᠳ᠂ ᠬᠡᠤᠬᠡᠳ᠂ ᠰᠠᠭᠤᠷᠢ ᠴᠢᠨᠠᠷᠲᠠᠶ ᠡᠪᠡᠳᠴᠢᠨ ᠲᠠᠢ ᠡᠪᠡᠳᠴᠢᠲᠡᠨ ᠵᠡᠷᠭᠡ ᠣᠨᠴᠠᠭᠠᠶ ᠬᠠᠮᠲᠤᠯᠢᠭ ᠤᠨ ᠬᠥᠮᠦᠨ ᠠᠮᠠ ᠶᠢᠨ ᠰᠠᠭᠤᠷᠢ ᠲᠤᠭ᠎ᠠ᠂ ᠡᠷᠡᠭᠦᠯ ᠮᠡᠨᠳᠦ ᠶᠢᠨ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠵᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠲᠥᠷᠥᠯ ᠱᠠᠲᠤ ᠬᠤᠪᠢᠶᠠᠨ ᠰᠠᠶᠢᠲᠤᠷ ᠬᠢᠵᠦ᠂ ᠣᠯᠠᠨ ᠲᠦᠮᠡᠨ ᠢ ᠬᠠᠪᠰᠤᠷᠤᠨ ᠡᠪᠡᠳᠴᠢᠨ ᠦᠵᠡᠭᠦᠯᠵᠦ ᠡᠮ ᠬᠡᠷᠡᠭᠯᠡᠬᠦ ᠵᠡᠷᠭᠡ ᠪᠣᠳᠠᠲᠠᠶ ᠬᠦᠴᠢᠷᠳᠡᠯ ᠢ ᠨᠢ ᠴᠠᠭ ᠲᠤᠬᠠᠶ ᠳᠤᠨᠢ  ᠰᠢᠢᠳᠪᠦᠷᠢᠯᠡᠵᠦ᠂ ᠬᠦᠮᠦᠰ ᠤᠨ ᠬᠢᠵᠢᠭ ᠤᠨ ᠳᠡᠯᠭᠡᠷᠡᠬᠦ ᠬᠤᠭᠤᠴᠠᠭ᠎ᠠ ᠶᠢ ᠤᠷᠤᠭᠰᠢᠲᠠᠶ ᠥᠩᠭᠡᠷᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃        ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠦᠢᠯᠡᠴᠢᠯᠡᠭᠡᠨ ᠤ ᠤᠢᠢᠯᠠᠭᠠᠭᠳᠠᠬᠤᠨ ᠢ ᠴᠢᠩᠭᠠᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠤᠨᠢᠨ ᠳᠡᠭᠡᠷ᠎ᠡ ᠨᠢ ᠵᠢᠯᠣᠭᠤᠳᠤᠨ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠡᠶ᠎ᠡ ᠵᠣᠬᠢᠴᠠᠩᠭᠤᠢ᠂ ᠠᠮᠤᠷ ᠲᠦᠪᠰᠢᠨ᠂ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠢᠳᠡᠪᠬᠢᠲᠡᠢ ᠪᠠᠶᠢᠭᠤᠯᠬᠤ ᠬᠡᠷᠡᠭᠲᠡᠢ᠃        ᠬᠤᠷᠠᠯ ᠠᠴᠠ ᠵᠢᠭᠠᠵᠤ ᠭᠠᠷᠭᠠᠭᠰᠠᠨ ᠨᠢ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠨ ᠠᠬᠢᠭᠤᠯᠬᠤ ᠴᠢᠬᠤᠯᠠ ᠭᠠᠷᠳᠠᠴᠠ ᠮᠥᠨ ᠂ ᠠᠵᠤ ᠠᠬᠤᠢ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠢᠢᠳᠪᠦᠷᠢᠯᠡᠭᠴᠢ ᠡᠯᠧᠮᠧᠨ᠋ᠲ ᠨᠢ ᠡᠮᠦᠨᠡᠬᠢ ᠬᠤᠭᠤᠴᠠᠭᠠᠨ ᠳᠤ ᠪᠤᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠴᠢᠨᠠᠷ ᠰᠠᠶᠢᠲᠠᠶ ᠲᠥᠷᠥᠯ ᠵᠦᠢᠯ ᠢ ᠠᠳᠬᠤᠬᠤ ᠪᠣᠯ ᠳᠠᠷᠤᠢ ᠴᠢᠨᠠᠷ ᠰᠠᠶᠢᠲᠠᠶ ᠬᠥᠭᠵᠢᠯᠲᠡ ᠶᠢ ᠠᠳᠬᠤᠬᠤ ᠶᠢᠨ ᠢᠯᠡ ᠲᠣᠳᠣ ᠤᠳᠤᠷᠢᠳᠤᠮᠵᠢ ᠶᠢ ᠴᠢᠩᠭᠠᠳᠬᠠᠵᠤ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠲᠥᠷᠥᠯ  ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠢ ᠡᠷᠲᠡ ᠠᠵᠢᠯ ᠡᠬᠢᠯᠡᠭᠦᠯᠬᠦ᠂ ᠡᠷᠲᠡ ᠪᠥᠲᠥᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃        ᠬᠤᠷᠠᠯ ᠠᠴᠠ ᠪᠠᠰᠠ ︽ᠰᠦᠩᠱᠠᠨ ᠲᠣᠭᠤᠷᠢᠭ ᠤᠨ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠬᠤ ᠲᠥᠰᠦᠯ︾᠂ ︽ᠰᠦᠩᠱᠠᠨ ᠲᠣᠭᠤᠷᠢᠭ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠰᠢᠭᠯᠠᠬᠤ ᠲᠥᠯᠥᠪᠵᠢᠭᠦᠯᠭᠡ ︵2021 — 2025︶︾᠂ ᠰᠦᠩᠱᠠᠨ ᠮᠦᠽᠧᠢ ᠶᠢᠨ ᠬᠡᠷᠡᠭᠯᠡᠭᠡᠨ ᠤ ᠭᠡᠷ ᠪᠠᠶᠢᠰᠢᠩ ᠢ ᠰᠢᠨᠡᠳᠬᠡᠨ ᠵᠠᠰᠠᠬᠤ ᠵᠢᠴᠢ ᠳᠡᠯᠭᠡᠨ ᠦᠵᠡᠭᠦᠯᠬᠦ ᠲᠥᠬᠦᠭᠡᠷᠦᠮᠵᠢ ᠬᠤᠳᠠᠯᠳᠤᠨ ᠠᠪᠬᠤ᠂ ᠵᠤᠤ ᠰᠤ᠋ ᠾᠧ ᠭᠤᠣᠯ ᠢ ᠵᠠᠰᠠᠬᠤ᠂ ᠰᠢᠨ᠎ᠡ ᠪᠠᠷ ᠨᠡᠮᠡᠭᠳᠡᠭᠦᠯᠬᠦ ᠡᠳ᠋ ᠤᠨ ᠵᠠᠰᠠᠭ ᠤᠨ ᠲᠦᠷ ᠥᠭᠬᠦ ᠵᠣᠭᠤᠰ ᠵᠡᠷᠭᠡ ᠬᠤᠯᠪᠣᠭᠳᠠᠯ ᠪᠦᠬᠦᠢ ᠶᠠᠪᠤᠳᠠᠯ ᠢ ᠰᠤᠳᠤᠯᠪᠠ᠃        ᠰᠦᠩᠱᠠᠨ ᠲᠣᠭᠤᠷᠢᠭ ᠤᠨ ᠤᠳᠤᠷᠢᠳᠤᠯᠭ᠎ᠠ ᠸᠠᠩ ᠫᠧᠩ ᠹᠸᠢ᠂ ᠯᠢᠶᠠᠩ ᠮᠢᠩ ᠽᠧ᠂ ᠰᠢᠤᠢ ᠹᠸᠢ ᠶᠠᠨ᠂ ᠢᠦᠢ ᠬᠤᠸᠠ ᠶᠠᠨ᠂ ᠯᠢ ᠰᠢᠶᠠᠨ ᠹᠦ᠋᠂ ᠴᠧᠨ ᠶᠠᠨ ᠶᠦᠩ ᠬᠤᠷᠠᠯ ᠳᠤ ᠣᠷᠣᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号