ᠰᠦᠩᠱᠠᠨ ᠲᠣᠭᠤᠷᠢᠭ ᠤᠨ ᠸᠠᠩ ᠤᠨ ᠬᠤᠷᠤᠭ᠎ᠠ ᠪᠠᠯᠭᠠᠰᠤᠨ ᠤ ᠲᠡᠮᠡᠭᠡᠨ ᠬᠢᠷᠭᠤᠤᠯ ᠤᠨ ᠤᠨᠴᠠᠯᠢᠬᠳᠤ ᠲᠡᠵᠢᠭᠡᠪᠦᠷᠢ ᠲᠠᠷᠢᠶᠠᠯᠠᠩ ᠢ ᠬᠠᠪᠰᠤᠷᠤᠨ ᠣᠷᠣᠯᠭ᠎ᠠ ᠶᠢ  ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2022/12/7
        ᠤᠢᠢᠷ᠎ᠠ ᠶᠢᠨ ᠵᠢᠯ ᠠᠴᠠ᠂ ᠸᠠᠩ ᠤᠨ ᠬᠤᠷᠤᠭ᠎ᠠ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠠᠬᠢᠭᠤᠯᠵᠤ᠂ ᠲᠠᠷᠢᠶᠠᠴᠢᠨ ᠡᠷᠦᠬᠡ ᠶᠢᠨ ᠤᠨᠴᠠᠯᠢᠬᠳᠤ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠪᠠ᠃         ᠣᠳᠣᠬᠠᠨ ᠳᠤ᠂ ᠲᠣᠰ ᠪᠠᠯᠭᠠᠰᠤᠨ ᠤ ᠰᠢᠶᠠ ᠭᠤᠸᠠᠨ ᠳ᠋ᠢ ᠲᠣᠰᠬᠤᠨ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ ᠶᠢ ᠬᠥᠭᠵᠢᠭᠦᠯᠬᠦ ᠪᠠᠷ ᠳᠡᠮᠵᠢᠨ ᠪᠠᠶᠠᠵᠢᠯ ᠤᠨ ᠰᠢᠨ᠎ᠡ ᠵᠠᠮ ᠢ ᠨᠡᠭᠡᠭᠡᠭᠰᠡᠨ ᠪᠠᠶᠢᠨ᠎ᠠ᠃ 2021 ᠣᠨ ᠳᠤ᠂ ᠰᠢᠶᠠ ᠭᠤᠸᠠᠨ ᠳ᠋ᠢ ᠲᠣᠰᠬᠤᠨ ᠤ ᠠᠷᠠᠳ ᠴᠧᠨ ᠶᠢᠩ ᠴᠦᠨ 20 ᠭᠠᠷᠤᠢ ᠲᠡᠮᠡᠭᠡᠨ ᠬᠢᠷᠭᠤᠤᠯ ᠤᠨ ︽ᠴᠢᠬᠢ︾ ᠬᠤᠳᠠᠯᠳᠤᠨ ᠠᠪᠴᠤ᠂ ᠦᠢᠯᠡᠰ ᠪᠤᠰᠬᠠᠬᠤ ᠵᠠᠮ ᠢᠶᠠᠷ ᠵᠠᠮᠨᠠᠵᠠᠢ᠃ ᠲᠡᠮᠡᠭᠡᠨ ᠬᠢᠷᠭᠤᠤᠯ ᠤᠨ ᠪᠥᠬᠦ ᠪᠡᠶ᠎ᠡ ᠨᠢ ᠡᠷᠳᠡᠨᠢ ᠪᠠᠶᠢᠵᠤ᠂ ᠮᠢᠬ᠎ᠠ᠂ ᠥᠨᠳᠡᠭᠡ ᠨᠢ ᠮᠠᠰᠢ ᠥᠨᠳᠥᠷ ᠢᠳᠡᠭᠡᠨ ᠤ ᠦᠨ᠎ᠡ ᠥᠷᠲᠡᠭ ᠲᠠᠢ ᠪᠠᠶᠢᠳᠠᠭ ᠢᠶᠠᠷ ᠪᠠᠷᠠᠬᠤ ᠥᠬᠡᠶ᠂ ᠲᠡᠮᠡᠭᠡᠨ ᠬᠢᠷᠭᠤᠤᠯ ᠤᠨ ᠥᠲᠥ᠂ ᠠᠷᠠᠰᠤ᠂ ᠬᠥᠯ ᠤᠨ ᠶᠠᠰᠤ ᠶᠢ ᠴᠤ ᠬᠤᠷᠢᠶᠠᠨ ᠠᠪᠴᠤ ᠠᠰᠢᠭᠯᠠᠵᠤ  ᠪᠤᠯᠤᠨ᠎ᠠ᠂ ᠵᠠᠬ᠎ᠠ ᠳᠡᠯᠭᠡᠭᠦᠷ ᠤᠨ ᠢᠷᠡᠭᠡᠳᠦᠶ ᠰᠠᠷᠠᠭᠤᠯ ᠠᠭᠤᠳᠠᠮ᠂ ᠠᠰᠢᠭ ᠣᠷᠣᠯᠭ᠎ᠠ ᠰᠠᠶᠢᠨ ᠪᠠᠶᠢᠳᠠᠭ᠃         ᠲᠠᠷᠠᠭᠠᠴᠢ ᠶᠢᠨ ᠠᠯᠬᠤᠮ ᠳᠤ᠂ ᠸᠠᠩ ᠤᠨ ᠬᠤᠷᠤᠭ᠎ᠠ ᠪᠠᠯᠭᠠᠰᠤ ᠲᠡᠵᠢᠭᠡᠨ ᠦᠷᠡᠵᠢᠭᠦᠯᠬᠦ ᠲᠠᠯᠠᠪᠠᠶ ᠶᠢ ᠬᠠᠪᠰᠤᠷᠤᠨ ︽ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠲᠡᠵᠢᠭᠡᠯ ᠪᠣᠷᠳᠤᠭ᠎ᠠ ᠬᠠᠩᠭᠠᠬᠤ᠂ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ᠂ ᠵᠤᠯᠵᠠᠭ᠎ᠠ ᠰᠢᠪᠠᠭᠤ ᠶᠢ ᠨᠡᠪᠴᠢᠭᠦᠯᠬᠦ᠂ ᠵᠠᠬ᠎ᠠ ᠳᠡᠯᠭᠡᠭᠦᠷ ᠲᠤ ᠪᠣᠷᠣᠯᠠᠭᠤᠯᠬᠤ︾ ᠵᠡᠷᠭᠡ ᠲᠠᠯ᠎ᠠ ᠪᠠᠷ ᠨᠢᠭᠲᠠ ᠵᠣᠯᠭᠠᠯᠳᠤᠭᠰᠠᠨ ᠠᠵᠤ ᠦᠢᠯᠡᠰ ᠤᠨ ᠬᠡᠯᠬᠢᠶ᠎ᠡ ᠶᠢ ᠰᠦᠪᠡᠭᠴᠢᠯᠡᠨ ᠪᠣᠶ ᠪᠣᠯᠭᠠᠵᠤ᠂ ᠨᠠᠩ ᠣᠯᠠᠨ ᠭᠠᠳᠠᠨ᠎ᠠ ᠶᠢᠨ ᠬᠥᠷᠥᠩᠭᠡ ᠶᠢ ᠣᠷᠣᠭᠤᠯᠤᠨ ᠡᠵᠡᠩᠨᠡᠯᠲᠡ ᠳᠤ ᠣᠷᠣᠯᠴᠠᠭᠤᠯᠵᠤ᠂ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ ᠶᠢ ᠬᠡᠪᠴᠢᠶᠡᠵᠢᠭᠦᠯᠦᠨ ᠵᠢᠷᠤᠮᠵᠢᠭᠤᠯᠬᠤ ᠪᠠᠷ ᠴᠢᠷᠮᠠᠶᠢᠵᠤ᠂ ᠠᠵᠤ ᠦᠢᠯᠡᠰ ᠤᠨ ᠦᠷᠭᠦᠯᠵᠢᠯᠡᠨ ᠬᠥᠭᠵᠢᠬᠦ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠳᠥᠷᠪᠡᠨ ᠣᠳᠣᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠵᠧᠨ ᠢᠦᠶ  ᠰᠡᠯᠡᠭᠦᠴᠡᠯ ᠤᠨ ᠲᠤᠰᠬᠤᠨ ᠪᠠ ︽ᠮᠡᠯᠡᠷᠡᠭ ᠴᠡᠴᠡᠭ︾ ᠦᠵᠦᠮ ᠲᠡᠭᠦᠬᠦ ᠬᠦᠷᠢᠶᠡᠯᠡᠩ ᠵᠡᠷᠭᠡ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠴᠡᠭ ᠱᠤᠭᠤᠮ ᠬᠤᠯᠪᠣᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠢ ᠶᠡᠬᠡᠪᠡᠷ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号