ᠲᠥᠪ ᠬᠤᠲᠠ ᠲᠣᠭᠤᠷᠢᠭ ᠤᠨ ᠡᠯ᠎ᠡ ᠣᠯᠠᠨ ᠨᠡᠶᠢᠲᠡ ᠶᠢᠨ ᠲᠠᠯᠠᠪᠤᠷ ᠲᠤ᠂ ᠰᠢᠨ᠎ᠡ ︽ᠤᠯᠠᠭᠠᠨᠬᠠᠳᠠ ᠶᠢᠨ | ᠲᠠᠯᠠᠪᠤᠷ ᠭᠠᠵᠠᠷ ᠤᠨ ᠺᠣᠳ᠋︾ ᠢ ᠴᠥᠮ ᠢᠯᠡ ᠭᠠᠵᠠᠷ ᠲᠤ ᠨᠠᠭᠠᠪᠠ᠃ ᠰᠦᠩᠱᠠᠨ ᠲᠣᠭᠤᠷᠢᠭ ᠤᠨ | ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ ᠤᠨ ᠣᠷᠣᠬᠤ ᠡᠭᠦᠳᠡᠨ ᠳᠤ᠂ ᠷᠠᠳᠢᠣ᠋ ᠪᠠᠷ | ᠥᠷᠭᠡᠨ ᠣᠯᠠᠨ ᠬᠤᠲᠠ ᠶᠢᠨ ᠠᠷᠠᠳ ᠲᠤ ᠠᠮᠠᠪᠴᠢ ᠵᠡᠭᠦᠵᠦ᠂ ︽ᠤᠯᠠᠭᠠᠨᠬᠠᠳᠠ ᠶᠢᠨ ᠲᠠᠯᠠᠪᠤᠷ ᠭᠠᠵᠠᠷ ᠤᠨ ᠺᠣᠳ᠋︾ | ᠢ ᠰᠠᠨᠠᠭᠠᠴᠢᠯᠠᠭ᠎ᠠ ᠠᠴᠠ ᠪᠠᠨ ᠰᠢᠷᠪᠢᠭᠰᠡᠨ ᠤ ᠳᠠᠷᠠᠭ᠎ᠠ ᠡᠮᠬᠢ ᠵᠢᠷᠤᠮ ᠲᠠᠢ ᠪᠠᠷ ᠣᠷᠣᠬᠤ ᠶᠢ | ᠰᠠᠨᠠᠭᠤᠯᠤᠨ᠎ᠠ᠃ | ᠰᠢᠨ᠎ᠡ ︽ᠲᠠᠯᠠᠪᠤᠷ ᠭᠠᠵᠠᠷ ᠤᠨ ᠺᠣᠳ᠋︾ ᠢ ᠠᠰᠢᠭᠯᠠᠯᠲᠠ ᠳᠤ ᠣᠷᠣᠭᠤᠯᠤᠭᠰᠠᠨ ᠤ | ᠳᠠᠷᠠᠭ᠎ᠠ᠂ ᠡᠯ᠎ᠡ ᠲᠠᠯᠠᠪᠤᠷ ᠲᠤ ᠣᠷᠣᠬᠤ ᠠᠴᠠ ᠡᠮᠦᠨ᠎ᠡ᠂ ᠬᠤᠲᠠ ᠶᠢᠨ ᠠᠷᠠᠳ ᠵᠥᠪᠬᠡᠨ ᠸᠢᠴᠠᠲ ᠪᠠᠷ | ᠰᠢᠷᠪᠢᠪᠡᠯ ᠪᠣᠯᠴᠢᠬᠠᠨ᠎ᠠ᠂ ᠺᠣᠳ᠋ ᠰᠢᠷᠪᠢᠭᠰᠡᠨ ᠤ ᠳᠠᠷᠠᠭ᠎ᠠ᠂ ᠬᠤᠪᠢ ᠬᠥᠮᠦᠨ ᠤ ᠡᠷᠡᠭᠦᠯ ᠮᠡᠨᠳᠦ ᠶᠢᠨ ᠺᠣᠳ᠋᠂ ᠠᠶᠠᠨ | ᠵᠠᠮ᠂ ᠪᠥᠭᠡᠮ ᠬᠦᠴᠢᠯ ᠤᠨ ᠪᠠᠶᠢᠴᠠᠭᠠᠯᠲᠠ ᠵᠢᠴᠢ ᠸᠠᠺᠼᠢᠨ ᠤ ᠲᠠᠷᠢᠯᠭ᠎ᠠ ᠵᠡᠷᠭᠡ ᠮᠡᠳᠡᠭᠡ ᠵᠠᠩᠭᠢ ᠶᠢ | ᠪᠦᠬᠦᠨ ᠢ ᠮᠡᠳᠡᠬᠦ ᠪᠡᠷ ᠪᠠᠷᠠᠬᠤ ᠥᠬᠡᠶ᠂ ᠤᠷᠤᠭᠰᠠᠨ ᠲᠠᠯᠠᠪᠤᠷ ᠤᠨ | ᠨᠡᠷᠡᠶᠢᠳᠦᠯ᠂ ᠭᠠᠵᠠᠷ ᠣᠷᠣᠨ᠂ ᠴᠠᠭ ᠬᠤᠭᠤᠴᠠᠭ᠎ᠠ ᠶᠢ ᠴᠤ ᠲᠣᠪ ᠲᠣᠳᠣᠷᠬᠠᠶ ᠮᠡᠳᠡᠵᠦ | ᠳᠡᠢᠯᠦᠨ᠎ᠡ᠃ ᠣᠯᠠᠨ ᠨᠡᠶᠢᠲᠡ ᠶᠢᠨ ᠲᠠᠯᠠᠪᠤᠷ᠂ ᠨᠢᠭᠡᠴᠡ᠂ ᠬᠤᠳᠠᠯᠳᠤᠭᠠᠨ ᠤ ᠡᠷᠦᠬᠡ ᠵᠡᠷᠭᠡ ︽ | ᠲᠠᠯᠠᠪᠤᠷ ᠭᠠᠵᠠᠷ ᠤᠨ ᠺᠣᠳ᠋︾ ᠤᠨ ᠬᠡᠷᠡᠭᠯᠡᠭᠴᠢ ᠸᠢᠴᠠᠲ ᠢᠶᠠᠷ ᠳᠠᠮᠵᠢᠭᠤᠯᠤᠨ ︽ᠤᠯᠠᠭᠠᠨᠬᠠᠳᠠ ᠶᠢᠨ ᠡᠷᠡᠭᠦᠯ | ᠮᠡᠨᠳᠦ ᠶᠢᠨ ᠡᠷᠳᠡᠨᠢ︾ ᠶᠢᠨ ᠨᠡᠶᠢᠲᠡ ᠶᠢᠨ ᠳ᠋ᠤᠭᠠᠷ ᠢ ᠡᠷᠢᠵᠦ᠂ ︽ᠲᠠᠯᠠᠪᠤᠷ ᠭᠠᠵᠠᠷ ᠤᠨ ᠺᠣᠳ᠋ ᠢ ᠭᠤᠶᠤᠴᠢᠯᠠᠨ | ᠠᠪᠬᠤ︾ ᠶᠢ ᠰᠣᠩᠭᠤᠵᠤ᠂ ᠠᠯᠬᠤᠮ ᠳᠠᠷᠠᠭ᠎ᠠ ᠲᠠᠢ ᠪᠠᠷ ᠭᠤᠶᠤᠴᠢᠯᠠᠨ ᠠᠪᠴᠤ ᠪᠣᠯᠤᠨ᠎ᠠ᠃ |