ᠰᠦᠩᠱᠠᠨ ᠲᠣᠭᠤᠷᠢᠭ ᠤᠨ ᠤᠷᠤᠭ ᠤᠨ ᠶᠠᠪᠤᠳᠠᠯ ᠤᠨ ᠡᠶᠡᠳᠡᠭᠦᠯᠭᠡ ᠶᠢᠨ ᠺᠣᠮᠢᠰ ᠤᠷᠤᠭ ᠤᠨ ᠵᠥᠷᠢᠴᠡᠯ ᠢ ᠨᠠᠮᠳᠠᠭᠤᠯᠵᠤ᠂ ᠭᠡᠷ ᠪᠦᠯᠢ ᠶᠢᠨ ᠡᠶ᠎ᠡ ᠡᠪ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2022/12/7
        2020 ᠣᠨ ᠤ 9 ᠰᠠᠷ᠎ᠠ ᠳᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠵᠡᠷᠭᠡ ᠵᠢᠷᠭᠤᠭᠠᠨ ᠰᠠᠯᠠᠭ᠎ᠠ ᠮᠥᠴᠢᠷ ᠬᠤᠯᠪᠣᠭᠠᠯᠠᠨ ᠰᠦᠩᠱᠠᠨ ᠲᠣᠭᠤᠷᠢᠭ ᠤᠨ ᠤᠷᠤᠭ ᠭᠡᠷ ᠪᠦᠯᠢ ᠶᠢᠨ ᠵᠠᠭᠤᠷᠠᠯᠳᠤᠭᠠᠨ ᠤ ᠠᠷᠠᠳ ᠤᠨ ᠡᠶᠡᠳᠡᠭᠦᠯᠬᠦ ᠺᠣᠮᠢᠰ ᠢ ᠪᠠᠶᠢᠭᠤᠯᠪᠠ᠃ ᠲᠤᠰᠬᠠᠶᠢᠵᠢᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠣᠷᠣᠭᠤᠯᠤᠨ ᠠᠪᠴᠢᠷᠠᠬᠤ ᠪᠠ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠣᠷᠤᠭ ᠰᠠᠯᠬᠤ ᠪᠠᠷ ᠪᠦᠷᠢᠳᠬᠡᠭᠦᠯᠦᠭᠰᠡᠨ ᠬᠡᠷ ᠪᠦᠯᠢ ᠳᠤ ᠡᠶᠡᠳᠡᠭᠦᠯᠭᠡ ᠬᠢᠵᠦ᠂ ᠬᠡᠷ ᠪᠦᠯᠢ ᠶᠢᠨ ᠵᠢᠭᠤᠷᠠᠯᠳᠤᠭᠠᠨ ᠢ ᠨᠠᠮᠳᠠᠭᠤᠯᠬᠤ ᠭᠤᠤᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠪᠠ᠃ ᠡᠶᠡᠳᠡᠭᠦᠯᠬᠦ ᠶᠠᠪᠤᠴᠠ ᠳᠤ᠂ ᠰᠦᠩᠱᠠᠨ ᠲᠣᠭᠤᠷᠢᠭ ᠤᠨ ᠤᠷᠤᠭ ᠤᠨ ᠶᠠᠪᠤᠳᠠᠯ ᠤᠨ ᠡᠶᠡᠳᠡᠭᠦᠯᠭᠡ ᠶᠢᠨ ᠺᠣᠮᠢᠰ ᠬᠠᠷᠢᠭᠤ ᠰᠤᠷᠪᠤᠯᠵᠢᠯᠠᠬᠤ ᠪᠠ ᠮᠥᠷᠳᠡᠨ ᠦᠢᠯᠡᠴᠢᠯᠡᠬᠦ ᠪᠠᠷ ᠳᠠᠮᠵᠢᠭᠤᠯᠤᠨ᠂ ᠲᠤᠬᠠᠶ ᠶᠢᠨ ᠬᠥᠮᠦᠨ ᠤ ᠬᠤᠶᠢᠰᠢᠳᠠ ᠶᠢᠨ ᠪᠠᠶᠢᠳᠠᠯ ᠵᠢᠴᠢ ᠬᠥᠳᠡᠯᠦᠯ ᠪᠠᠶᠢᠳᠠᠯ ᠢ ᠴᠠᠭ ᠲᠤᠬᠠᠶ ᠳᠤᠨᠢ ᠣᠶᠢᠯᠠᠭᠠᠪᠠ᠃         ᠡᠨᠡ ᠵᠢᠯ ᠠᠴᠠ ᠨᠠᠰᠢ᠂ ᠰᠦᠩᠱᠠᠨ ᠲᠣᠭᠤᠷᠢᠭ ᠤᠨ ᠤᠷᠤᠭ ᠤᠨ ᠶᠠᠪᠤᠳᠠᠯ ᠤᠨ ᠡᠶᠡᠳᠡᠭᠦᠯᠭᠡ ᠶᠢᠨ ᠺᠣᠮᠢᠰ ᠨᠡᠶᠢᠲᠡ 2030 ᠣᠷᠤᠭ ᠰᠠᠯᠬᠤ ᠬᠡᠷᠡᠭ ᠢ ᠭᠥᠯᠢᠶᠡᠨ ᠠᠪᠴᠤ ᠰᠢᠢᠳᠪᠦᠷᠢᠡᠯᠵᠦ᠂ 1200 ᠭᠠᠷᠤᠶ ᠬᠡᠷᠡᠭ ᠢ ᠬᠠᠷᠢᠭᠤ ᠰᠤᠷᠪᠤᠯᠵᠢᠯᠠᠵᠤ᠂ ᠬᠠᠷᠢᠭᠤ ᠰᠤᠷᠪᠤᠯᠵᠢᠯᠠᠭᠰᠠᠨ ᠨᠣᠷᠮ᠎ᠠ 60% ᠳᠤ ᠬᠦᠷᠴᠡᠶ᠃ ᠭᠡᠷ ᠪᠦᠯᠢ ᠶᠢᠨ ᠬᠦᠴᠦᠷᠬᠡᠭᠯᠡᠯ ᠤᠨ ᠠᠰᠠᠭᠤᠳᠠᠯ ᠠᠴᠠ ᠪᠣᠯᠤᠭᠰᠠᠨ ᠭᠡᠷ ᠪᠦᠯᠢ ᠶᠢᠨ ᠵᠥᠷᠢᠴᠡᠯ ᠢ ᠨᠡᠶᠢᠲᠡ 27 ᠬᠤᠪᠢ ᠬᠦᠯᠢᠶᠡᠨ ᠠᠪᠴᠤ ᠰᠢᠢᠳᠪᠦᠷᠢᠡᠯᠵᠦ᠂ ᠬᠠᠷᠢᠭᠤ ᠰᠤᠷᠪᠤᠯᠵᠢᠯᠠᠬᠤ ᠪᠠᠷ ᠳᠠᠮᠵᠢᠭᠠᠳ ᠵᠥᠷᠢᠴᠡᠯ ᠢ ᠴᠥᠮ ᠰᠢᠢᠳᠪᠦᠷᠢᠯᠡᠪᠡ᠃ ᠡᠶᠡᠳᠡᠭᠦᠯᠬᠦ ᠴᠢᠳᠠᠪᠤᠷᠢ ᠪᠠ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ ᠶᠢᠨ ᠲᠥᠯᠥᠭᠡ᠂ ᠰᠦᠩᠱᠠᠨ ᠲᠣᠭᠤᠷᠢᠭ ᠤᠨ ᠤᠷᠤᠭ ᠤᠨ ᠶᠠᠪᠤᠳᠠᠯ ᠤᠨ ᠡᠶᠡᠳᠡᠭᠦᠯᠭᠡ ᠶᠢᠨ ᠺᠣᠮᠢᠰ ᠪᠠᠰᠠ ᠲᠣᠭᠲᠠᠮᠠᠯ ᠬᠤᠭᠤᠴᠠᠭ᠎ᠠ ᠲᠠᠢ ᠪᠠᠷ ᠰᠡᠳᠬᠢᠴᠡ ᠶᠢᠨ ᠵᠢᠯᠣᠭᠤᠳᠣᠯᠭ᠎ᠠ᠂ ᠬᠠᠶᠢᠷ᠎ᠠ ᠰᠡᠳᠬᠢᠯᠭᠡ ᠶᠢᠨ ᠵᠢᠯᠣᠭᠤᠳᠣᠯᠭ᠎ᠠ᠂ ᠬᠡᠷ ᠪᠦᠯᠢ ᠶᠢᠨ ᠡᠵᠡᠩᠨᠡᠯᠲᠡ ᠶᠢᠨ ᠵᠢᠯᠣᠭᠤᠳᠣᠯᠭ᠎ᠠ᠂ ᠵᠥᠷᠢᠴᠡᠯ ᠢ ᠡᠶᠡᠳᠡᠭᠦᠯᠬᠦ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠵᠡᠷᠭᠡ ᠦᠢᠯᠡᠴᠢᠯᠡᠭᠡ ᠶᠢ ᠥᠷᠨᠢᠭᠦᠯᠵᠦ᠂ ᠪᠥᠬᠦ ᠲᠣᠭᠤᠷᠢᠭ ᠤᠨ ᠣᠷᠤᠭ ᠬᠡᠷ ᠪᠦᠯᠢ ᠶᠢᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠳᠤ ᠵᠣᠬᠢᠶᠠᠨ ᠪᠠᠶᠢᠭᠤᠯᠤᠯᠴᠠᠭᠰᠠᠨ᠂ ᠲᠤᠰᠬᠠᠶᠢᠵᠢᠭᠰᠠᠨ᠂ ᠵᠢᠷᠤᠮᠵᠢᠭᠰᠠᠨ ᠪᠠ ᠦᠷ᠎ᠡ ᠪᠦᠲᠦᠮᠵᠢᠲᠡᠶ ᠪᠣᠯᠭᠠᠬᠤ ᠶᠢ ᠳᠥᠯᠭᠢᠨ ᠠᠬᠢᠭᠤᠯᠪᠠ᠃         ᠰᠦᠩᠱᠠᠨ ᠲᠣᠭᠤᠷᠢᠭ ᠤᠨ ᠤᠷᠤᠭ ᠤᠨ ᠶᠠᠪᠤᠳᠠᠯ ᠤᠨ ᠡᠶᠡᠳᠡᠭᠦᠯᠭᠡ ᠶᠢᠨ ᠺᠣᠮᠢᠰ ᠪᠠᠶᠢᠭᠤᠯᠤᠭᠳᠠᠭᠰᠠᠨ ᠠᠴᠠ ᠨᠠᠰᠢ  ᠨᠡᠶᠢᠲᠡ 5521 ᠣᠷᠤᠭ ᠬᠡᠷ ᠪᠦᠯᠢ ᠶᠢᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠪᠠᠷ ᠭᠥᠯᠢᠶᠡᠨ ᠠᠪᠴᠤ᠂ ᠨᠠᠷᠢᠨ ᠨᠢᠮᠪᠠᠶ ᠡᠶᠡᠳᠡᠭᠦᠯᠬᠦ ᠠᠵᠢᠯ ᠢᠶᠠᠷ ᠳᠡᠮᠵᠢᠨ 3089 ᠬᠡᠷ ᠪᠦᠯᠢ ᠶᠢᠨ ᠬᠢᠨ ᠳᠠᠬᠢᠨ ᠡᠪᠰᠡᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号