ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ 250 | ᠳ᠋ᠤᠭᠠᠷ ᠲᠤᠭᠠᠲᠤ | ︽ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ︾ ᠢ 2021 ᠣᠨ ᠤ 8 ᠳ᠋ᠤᠭᠠᠷ ᠰᠠᠷ᠎ᠠ ᠶᠢᠨ 12 ᠤᠨ ᠡᠳᠦᠷ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 15 ᠳ᠋ᠤᠭᠠᠷ ᠤᠳᠠᠭ᠎ᠠ ᠶᠢᠨ ᠪᠠᠶᠢᠩᠭᠤ ᠶᠢᠨ | ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2021 ᠣᠨ ᠤ 11 ᠳ᠋ᠦ᠋ᠭᠡᠷ ᠰᠠᠷ᠎ᠠ ᠶᠢᠨ | 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ | 2021 ᠣᠨ ᠤ 9 ᠳ᠋ᠦ᠋ᠭᠡᠷ ᠰᠠᠷ᠎ᠠ ᠶᠢᠨ 2 ᠤᠨ ᠡᠳᠦᠷ | ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ | ᠠᠬᠢᠭᠤᠯᠬᠤ ᠶᠢᠨ ᠲᠤᠰᠠᠳᠠ᠂ ᠬᠤᠯᠪᠣᠭᠳᠠᠯ ᠪᠦᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠲᠦᠷᠢᠮ︾ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠳᠠᠢ ᠲᠠᠢ ᠤᠶᠠᠯᠳᠤᠭᠤᠯᠵᠤ᠂ ᠲᠤᠰ | ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠠᠬᠢ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠳᠤ ᠲᠤᠰ ᠲᠣᠭᠲᠠᠭᠠᠯ | ᠬᠡᠷᠡᠭᠯᠡᠭᠳᠡᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠯ ᠲᠡᠷᠡ ᠬᠦ | ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠢ᠃ | ᠭᠤᠷᠪᠠᠳᠤᠭᠠᠷ ᠵᠦᠢᠯ ᠲᠤᠰ ᠲᠣᠭᠲᠠᠭᠠᠯ ᠳᠤ ᠬᠡᠯᠡᠵᠦ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠬᠠᠷᠢᠭᠤᠴᠠᠯᠭ᠎ᠠ ᠶᠢᠨ ᠳᠦᠷᠢᠮ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠵᠢᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠦᠨᠳᠦᠰᠦᠯᠡᠯ ᠢ ᠡᠮᠬᠢᠯᠡᠨ ᠲᠢᠭᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢ | ᠬᠤᠪᠢᠶᠠᠷᠢᠯᠠᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠲᠣᠭᠲᠠᠭᠠᠨ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠳᠤ ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ ᠠᠵᠢᠯ ᠢ ᠥᠷᠨᠢᠭᠦᠯᠬᠦ ᠪᠠ | ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠬᠤ ᠳᠦᠷᠢᠮ ᠢ ᠵᠢᠭᠠᠵᠤ ᠪᠤᠶ᠃ | ᠳᠥᠷᠪᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ | ᠬᠡᠷᠡᠭᠵᠢᠭᠦᠯᠬᠦ ᠳᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠡᠷᠬᠡ ᠲᠤᠰᠢᠶᠠᠯ ᠢ ᠬᠠᠤᠯᠢ ᠪᠠᠷ ᠲᠣᠭᠲᠠᠭᠠᠬᠤ᠂ | ᠡᠷᠬᠡ ᠬᠠᠷᠢᠭᠤᠴᠠᠯᠭ᠎ᠠ ᠶᠢ ᠨᠢᠭᠡᠳᠦᠯᠲᠡᠶ ᠪᠠᠶᠢᠯᠭᠠᠬᠤ᠂ ᠬᠢᠵᠠᠭᠠᠷᠯᠠᠬᠤ ᠪᠠ ᠤᠷᠮᠠᠰᠢᠭᠤᠯᠬᠤ ᠶᠢ ᠵᠡᠷᠭᠡ ᠳᠤ ᠨᠢ | ᠴᠢᠬᠤᠯᠠᠴᠢᠯᠠᠬᠤ᠂ ᠵᠠᠯᠬᠠᠭᠠᠨ ᠴᠡᠭᠡᠷᠯᠡᠭᠦᠯᠬᠦ ᠪᠠ ᠰᠤᠷᠭᠠᠨ ᠬᠥᠮᠦᠵᠢᠭᠦᠯᠬᠦ ᠶᠢ ᠬᠠᠷᠢᠯᠴᠠᠨ ᠤᠶᠠᠯᠳᠤᠭᠤᠯᠬᠤ ᠵᠠᠷᠴᠢᠮ ᠢ | ᠵᠢᠷᠤᠮᠯᠠᠬᠤ ᠬᠡᠷᠡᠭᠲᠡᠶ᠃ | ᠲᠠᠪᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ | ᠣᠷᠣᠨ ᠤ ᠬᠡᠪᠴᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ | ᠠᠵᠢᠯ ᠳᠤ ᠤᠳᠤᠷᠢᠳᠤᠯᠭ᠎ᠠ ᠪᠠᠨ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ | ᠳᠦᠷᠢᠮ ᠤᠨ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ ᠠᠬᠢᠭᠤᠯᠬᠤ ᠬᠡᠷᠡᠭᠲᠡᠶ᠃ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠠᠵᠢᠯ ᠤᠨ | ᠬᠡᠷᠡᠭᠵᠢᠭᠦᠯᠦᠯᠲᠡ ᠶᠢ ᠬᠠᠷᠢᠭᠤᠴᠠᠵᠤ ᠵᠢᠭᠠᠨ ᠵᠢᠯᠣᠭᠤᠳᠬᠤ ᠪᠠ ᠬᠢᠨᠠᠯᠲᠠ ᠲᠠᠯᠪᠢᠬᠤ ᠬᠡᠷᠡᠭᠲᠡᠢ᠃ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠪᠠᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠠᠵᠢᠯ ᠢ ᠰᠠᠶᠢᠲᠤᠷ ᠬᠢᠬᠦ ᠬᠡᠷᠡᠭᠲᠡᠶ᠃ | ᠳᠡᠭᠡᠳᠦ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠳᠣᠤᠷᠠᠳᠤ ᠱᠠᠲᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠬᠠᠷᠢᠭᠤᠴᠠᠯᠭ᠎ᠠ ᠶᠢᠨ ᠳᠦᠷᠢᠮ ᠤᠨ ᠬᠡᠷᠩᠵᠢᠭᠦᠯᠣᠯᠳᠡ ᠳᠤ ᠬᠠᠤᠯᠢ ᠶᠣᠰᠣᠭᠠᠷ ᠵᠢᠭᠠᠨ ᠵᠢᠯᠣᠭᠤᠳᠬᠤ ᠪᠠ ᠬᠢᠨᠠᠯᠲᠠ | ᠲᠠᠯᠪᠢᠬᠤ ᠬᠡᠷᠡᠭᠲᠡᠢ᠃ | ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠤᠯᠤᠰ ᠲᠦᠷᠦ ᠪᠠ ᠲᠤᠬᠠᠶᠢᠯᠠᠭᠰᠠᠨ | ᠠᠵᠢᠯ ᠤᠨ ᠪᠣᠯᠪᠠᠰᠤᠷᠠᠯ ᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠬᠡᠪ | ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ | ᠳᠤᠯᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠢᠯ ᠪᠦᠷᠢ ᠳᠡᠭᠡᠳᠦ ᠨᠢᠭᠡ | ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠲᠤᠰ ᠭᠠᠵᠠᠷ ᠣᠷᠣᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ︔ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠢᠯ ᠪᠦᠷᠢ ᠲᠤᠰ ᠱᠠᠲᠤᠨ ᠤ ᠠᠷᠠᠳ ᠤᠨ | ᠵᠠᠰᠠᠭ ᠤᠨ ᠣᠷᠳᠣᠨ ᠪᠠ ᠳᠡᠭᠡᠳᠦ ᠨᠢᠭᠡ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰ | ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃ | ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠤᠷᠮᠠᠰᠢᠭᠤᠯᠬᠤ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠤᠯᠤᠰ ᠤᠨ ᠬᠤᠯᠪᠣᠭᠳᠠᠯ ᠪᠦᠬᠦᠶ ᠲᠣᠭᠲᠠᠭᠠᠯ ᠶᠣᠰᠣᠭᠠᠷ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠦᠷ᠎ᠡ ᠪᠦᠲᠦᠮᠵᠢ ᠪᠠᠷ ᠲᠤᠪᠤᠶᠢᠮ᠎ᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠲᠠᠨ ᠢ ᠬᠥᠬᠢᠭᠦᠯᠵᠦ ᠱᠠᠩᠨᠠᠬᠤ ᠬᠡᠷᠡᠭᠲᠡᠶ᠃ | ᠬᠤᠶᠠᠳᠤᠭᠠᠷ ᠪᠦᠯᠦᠭ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠬᠠᠷᠢᠭᠤᠴᠠᠯᠭ᠎ᠠ | ᠶᠢᠰᠦᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠠ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯᠲᠠᠨ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠤᠨ | ᠬᠡᠪᠴᠢᠶᠡᠨ ᠳᠤ ᠪᠠᠨ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠵᠦ | ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠬᠡᠷᠡᠭᠲᠡᠶ᠃ | ᠠᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠦᠨᠳᠦᠰᠦᠯᠡᠯ ᠢ ᠡᠮᠬᠢᠯᠡᠨ ᠲᠢᠭᠯᠢᠬᠦ ᠠᠵᠢᠯ ᠥᠷᠨᠢᠭᠦᠯᠬᠦ ᠶᠢᠨ ᠬᠠᠮᠲᠤ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ | ᠲᠣᠭᠲᠠᠭᠠᠯ ᠳᠦᠷᠢᠮ ᠢ ᠦᠨᠳᠦᠰᠦᠯᠡᠨ ᠬᠥᠳᠡᠯᠦᠩᠭᠦᠶ ᠲᠣᠬᠢᠷᠠᠭᠤᠯᠤᠯᠲᠠ ᠬᠢᠬᠦ ᠬᠡᠷᠡᠭᠲᠡᠶ᠃ | ᠠᠷᠪᠠᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠦᠨᠳᠦᠰᠦᠯᠡᠯ ᠢ ᠦᠨᠳᠦᠰᠦᠯᠡᠨ᠂ ᠲᠤᠰ ᠰᠠᠯᠠᠭ᠎ᠠ ᠮᠥᠴᠢᠷ ᠤᠨ ᠬᠠᠤᠯᠢ | ᠬᠡᠷᠡᠭᠵᠢᠭᠦᠯᠬᠦ ᠪᠠᠶᠢᠭᠤᠯᠤᠮᠵᠢ ᠪᠠ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠲᠠᠢ ᠪᠠᠨ | ᠤᠶᠠᠯᠳᠤᠭᠤᠯᠵᠤ᠂ ᠲᠤᠰ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢᠶᠠᠨ | ᠪᠣᠳᠠᠲᠠᠶ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠠ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠳᠤ ᠬᠤᠪᠢᠶᠠᠷᠢᠯᠠᠬᠤ | ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢ ᠬᠤᠪᠢᠶᠠᠷᠢᠯᠠᠬᠤ ᠳᠤ ᠰᠢᠨᠵᠢᠯᠡᠬᠦ | ᠤᠬᠠᠭᠠᠨᠴᠢ ᠪᠦᠭᠡᠳ ᠵᠦᠶ ᠵᠣᠬᠢᠰᠲᠠᠶ ᠪᠠᠶᠢᠯᠭᠠᠵᠤ᠂ ᠠᠳᠠᠯᠢ ᠪᠤᠰᠤ ᠱᠠᠲᠤ ᠳᠡᠰ ᠤᠨ ᠬᠠᠤᠯᠢ ᠬᠡᠷᠡᠭᠵᠢᠭᠦᠯᠬᠦ | ᠪᠠᠶᠢᠭᠤᠯᠤᠮᠵᠢ ᠪᠠ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠶᠢᠨ ᠡᠷᠬᠡ ᠲᠤᠰᠢᠶᠠᠯ ᠢ ᠪᠣᠳᠠᠲᠠᠶ ᠪᠦᠭᠡᠳ ᠲᠤᠳᠤᠷᠬᠠᠢ | ᠲᠣᠭᠲᠠᠭᠠᠬᠤ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠲᠤᠰ ᠰᠠᠯᠠᠭ᠎ᠠ | ᠮᠥᠴᠢᠷ ᠤᠨ ᠢᠶᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢ ᠳᠤᠷ᠎ᠠ ᠪᠠᠷ ᠢᠶᠠᠨ ᠨᠡᠮᠡᠬᠦ ᠪᠤᠶᠤ | ᠬᠠᠰᠤᠵᠤ ᠪᠣᠯᠬᠤ ᠦᠭᠡᠶ᠃ | ᠠᠷᠪᠠᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢ ᠬᠤᠪᠢᠶᠠᠷᠢᠯᠠᠭᠰᠠᠨ ᠰᠠᠭᠤᠷᠢᠨ ᠳᠡᠭᠡᠷ᠎ᠡ᠂ ᠲᠤᠰ ᠰᠠᠯᠠᠭ᠎ᠠ | ᠮᠥᠴᠢᠷ ᠤᠨ ᠬᠠᠤᠯᠢ ᠬᠡᠷᠡᠭᠵᠢᠭᠦᠯᠬᠦ ᠪᠠᠶᠢᠭᠤᠯᠤᠮᠵᠢ᠂ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢᠨ ᠳᠠᠬᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠳᠠᠳᠠᠢ | ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠬᠤ ᠬᠡᠷᠩᠳᠠᠢ᠃ | ᠠᠷᠪᠠᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠠᠳᠠᠯᠢ | ᠪᠤᠰᠤ ᠲᠦᠷᠦᠯ ᠬᠡᠯᠪᠡᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠤᠨ ᠵᠦᠢᠯᠡᠰ ᠶᠣᠰᠣᠭᠠᠷ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠳᠦᠰᠦᠯᠡᠯ ᠢ ᠡᠮᠬᠢᠯᠡᠨ ᠲᠢᠭᠯᠡᠵᠦ᠂ ᠡᠷᠬᠡ ᠬᠠᠷᠢᠭᠤᠴᠠᠯᠭ᠎ᠠ ᠶᠢᠨ | ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠵᠣᠬᠢᠬᠤ ᠬᠡᠯᠪᠡᠷᠢ ᠪᠠᠷ ᠨᠡᠶᠢᠭᠡᠮ ᠳᠤ ᠢᠯᠡ ᠪᠣᠯᠭᠠᠬᠤ ᠶᠢᠨ | ᠬᠠᠮᠲᠤ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠦᠷᠢᠮ ᠢ ᠲᠣᠭᠲᠠᠭᠠᠵᠤ ᠵᠠᠰᠠᠪᠤᠷᠢ | ᠣᠷᠣᠭᠤᠯᠤᠭᠰᠠᠨ ᠪᠠᠶᠢᠳᠠᠯ ᠢᠶᠠᠨ ᠦᠨᠳᠦᠰᠦᠯᠡᠨ ᠴᠠᠭ ᠲᠤᠬᠠᠶ ᠳᠤ ᠨᠢ ᠲᠣᠬᠢᠷᠠᠭᠤᠯᠤᠯᠲᠠ ᠬᠢᠬᠦ ᠬᠡᠷᠡᠭᠲᠡᠢ᠃ ᠠᠳᠠᠯᠢ | ᠪᠤᠰᠤ ᠡᠷᠬᠡ ᠶᠢᠨ ᠲᠥᠷᠥᠯ ᠬᠡᠯᠪᠡᠷᠢ ᠶᠢ ᠦᠨᠳᠦᠰᠦᠯᠡᠨ ᠠᠵᠢᠯ ᠶᠠᠪᠤᠳᠠᠯ ᠬᠦᠢᠴᠡᠳᠬᠡᠬᠦ ᠵᠦᠭᠯᠡᠭᠦᠷ ᠪᠠ | ᠠᠵᠢᠯᠯᠠᠭᠠᠨ ᠤ ᠴᠤᠪᠤᠷᠠᠯ ᠵᠢᠷᠤᠭ ᠢ ᠲᠣᠭᠲᠠᠭᠠᠵᠤ᠂ ᠬᠠᠤᠯᠢ ᠶᠣᠰᠣᠭᠠᠷ ᠴᠠᠭ ᠲᠤᠬᠠᠶ ᠳᠤ ᠨᠢ ᠬᠥᠳᠡᠯᠦᠩᠭᠦᠶ | ᠲᠣᠬᠢᠷᠠᠭᠤᠯᠤᠯᠲᠠ ᠬᠢᠬᠦ ᠶᠢᠨ ᠬᠠᠮᠲᠤ ᠨᠡᠶᠢᠭᠡᠮ ᠳᠤ ᠢᠯᠡ ᠪᠣᠯᠭᠠᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠨᠡᠶᠢᠲᠡ ᠳᠤ ᠵᠠᠷᠯᠠᠬᠤ ᠳᠦᠷᠢᠮ᠂ ᠬᠠᠤᠯᠢ ᠬᠡᠷᠡᠭᠵᠢᠭᠦᠯᠬᠦ ᠪᠦᠬᠦ | ᠶᠠᠪᠤᠴᠠ ᠶᠢ ᠲᠡᠮᠳᠡᠭᠯᠡᠬᠦ ᠳᠦᠷᠢᠮ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠳᠦᠷᠢᠮ ᠤᠨ | ᠬᠢᠨᠠᠨ ᠬᠠᠷᠭᠤᠭᠤᠯᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ | ᠲᠡᠭᠦᠯᠳᠡᠷᠵᠢᠭᠦᠯᠦᠨ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠴᠢᠩᠳᠠᠯᠠᠵᠤ᠂ ᠬᠠᠤᠯᠢ ᠬᠡᠷᠡᠭᠵᠢᠭᠦᠯᠬᠦ ᠬᠢᠨᠠᠯᠲᠠ | ᠲᠠᠯᠪᠢᠯᠲᠠ ᠶᠢ ᠴᠢᠩᠭᠠᠳᠬᠠᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠣᠨᠣᠭᠠᠨ ᠲᠣᠭᠲᠠᠭᠠᠯᠲᠠ ᠶᠢᠨ ᠡᠷᠬᠡ ᠶᠢᠨ ᠲᠦᠷᠢᠮ ᠢ ᠪᠦᠷᠢᠨᠰᠢᠬᠦᠯᠵᠦ᠂ | ᠣᠨᠣᠭᠠᠨ ᠲᠣᠭᠲᠠᠭᠠᠯᠲᠠ ᠶᠢᠨ ᠬᠡᠪᠴᠢᠶ᠎ᠡ᠂ ᠲᠦᠷᠦᠯ ᠪᠠ ᠬᠡᠮᠵᠢᠶᠡᠯᠡᠯ ᠢ ᠵᠦᠶ ᠵᠣᠬᠢᠰᠲᠠᠶ ᠲᠣᠭᠲᠠᠭᠠᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠴᠢᠯᠦᠭᠡᠲᠦ ᠣᠨᠣᠭᠠᠨ ᠲᠣᠭᠲᠠᠭᠠᠯᠲᠠ ᠶᠢᠨ ᠡᠷᠬᠡ ᠶᠢᠨ ᠬᠡᠷᠡᠭᠯᠡᠯᠲᠡ ᠶᠢ | ᠵᠢᠷᠣᠮᠵᠢᠭᠤᠯᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ | ᠵᠠᠬᠢᠷᠭᠠᠨ ᠤ ᠬᠦᠨᠳᠦ ᠶᠡᠭᠡ ᠰᠢᠢᠳᠭᠡᠯ ᠲᠣᠷᠭᠠᠭᠤᠯᠢ ᠶᠢᠨ ᠪᠦᠷᠢᠳᠬᠡᠨ ᠳᠠᠩᠰᠠᠯᠠᠬᠤ ᠳᠦᠷᠢᠮ ᠢ ᠬᠡᠷᠡᠭᠵᠢᠭᠦᠯᠬᠦ | ᠬᠡᠷᠡᠭᠲᠡᠢ᠃ | ᠦᠢᠯᠡ ᠪᠠᠶᠢᠳᠠᠯ ᠨᠢ ᠪᠤᠳᠤᠯᠢᠶᠠᠨᠲᠠᠶ ᠪᠤᠶᠤ ᠬᠠᠤᠯᠢ ᠠᠴᠠ ᠵᠥᠷᠢᠴᠡᠭᠰᠡᠨ ᠬᠦᠨᠳᠦ ᠰᠦᠷᠡᠬᠡᠢ ᠦᠢᠯᠡ | ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠥᠭᠬᠦ ᠳᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠠᠮᠲᠤ ᠪᠠᠷ ᠶᠠᠷᠢᠯᠴᠠᠨ ᠲᠣᠭᠲᠠᠭᠠᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠠᠤᠯᠢ | ᠬᠡᠷᠡᠭᠵᠢᠭᠦᠯᠬᠦ ᠠᠷᠭ᠎ᠠ ᠬᠡᠯᠪᠡᠷᠢ ᠪᠠᠨ ᠰᠠᠶᠢᠵᠢᠷᠠᠭᠤᠯᠤᠨ ᠰᠢᠨᠡᠴᠢᠯᠡᠵᠦ᠂ ᠵᠠᠰᠠᠭ ᠵᠠᠬᠢᠷᠭᠠᠨ ᠤ ᠵᠢᠭᠠᠨ ᠵᠢᠯᠣᠭᠤᠳᠬᠤ᠂ | ᠵᠠᠰᠠᠭ ᠵᠠᠬᠢᠷᠭᠠᠨ ᠤ ᠱᠠᠩᠨᠠᠵᠤ ᠬᠥᠬᠢᠭᠦᠯᠬᠦ᠂ ᠵᠠᠰᠠᠭ ᠵᠠᠬᠢᠷᠭᠠᠨ ᠢᠶᠠᠷ ᠡᠶᠡᠳᠡᠭᠦᠯᠬᠦ᠂ ᠰᠠᠨᠠᠭᠤᠯᠵᠣ ᠣᠬᠠᠭᠤᠯᠣᠨ | ᠭᠦᠮᠣᠵᠢᠭᠦᠯᠭᠦ᠂ ᠢᠳᠬᠠᠨ ᠰᠤᠷᠭᠠᠵᠤ ᠵᠢᠱᠢᠶ᠎ᠡ ᠦᠵᠡᠭᠦᠯᠬᠦ ᠵᠡᠷᠭᠡ ᠠᠯᠪᠠᠳᠠᠯᠭ᠎ᠠ ᠶᠢᠨ ᠪᠤᠰᠤ ᠵᠠᠰᠠᠭ ᠵᠠᠬᠢᠷᠭᠠᠨ ᠤ | ᠠᠷᠭ᠎ᠠ ᠪᠠᠷᠢᠯ ᠢ ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠭᠰᠡᠨ ᠬᠡᠷᠡᠭ ᠤᠨ ᠵᠢᠱᠢᠶ᠎ᠡ ᠪᠠᠷ ᠵᠢᠭᠠᠨ ᠵᠢᠯᠣᠭᠤᠳᠬᠤ ᠲᠦᠷᠢᠮ ᠢ ᠪᠠᠶᠢᠭᠤᠯᠵᠤ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠲᠦᠭᠰᠢᠭᠦᠷᠢ ᠶᠢ ᠨᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠵᠤ ᠪᠦᠷᠢᠨᠰᠢᠭᠦᠯᠬᠦ | ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠡᠨ ᠬᠠᠤᠯᠢ | ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠡᠭᠦᠯᠳᠡᠷᠵᠢᠭᠦᠯᠦᠨ᠂ ᠬᠡᠷᠡᠭ ᠢᠶᠠᠷ ᠵᠢᠱᠢᠶ᠎ᠡ | ᠪᠤᠯᠭᠠᠵᠦ ᠬᠠᠤᠯᠢ ᠶᠢ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠲᠣᠰ ᠰᠠᠯᠠᠭ᠎ᠠ ᠮᠥᠴᠢᠷ ᠤᠨ ᠬᠡᠷᠡᠭᠵᠢᠭᠦᠯᠵᠦ | ᠪᠠᠶᠢᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠣᠭᠲᠠᠭᠠᠯ ᠲᠦᠷᠢᠮ ᠢ ᠥᠷᠭᠡᠨ ᠢᠶᠠᠷ ᠤᠬᠠᠭᠤᠯᠬᠤ ᠬᠡᠷᠡᠭᠲᠡᠢ᠃ | | ᠠᠷᠪᠠ ᠶᠢᠰᠦᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠬᠠᠷᠭᠤᠭᠤᠯᠤᠨ ᠣᠯᠭᠤᠭᠰᠠᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠦᠨᠡᠮᠯᠡᠯ ᠲᠠᠢ ᠪᠠᠶᠢᠬᠤ ᠬᠡᠷᠡᠭᠲᠡᠢ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ | ᠲᠣᠭᠲᠠᠭᠠᠯ ᠲᠠᠢ ᠪᠣᠯ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠶ᠃ | ᠬᠤᠷᠢᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠨᠢ ᠲᠤᠰ ᠠᠵᠢᠯ ᠤᠨ | ᠪᠠᠶᠢᠷᠢ ᠶᠢᠨ ᠬᠡᠷᠡᠭᠵᠢᠭᠦᠯᠵᠦ ᠪᠠᠢᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ | ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠠᠶᠢᠳᠤᠷ ᠤᠶᠢᠯᠠᠭᠠᠵᠦ᠂ ᠲᠤᠬᠠᠶᠢᠯᠠᠭᠰᠠᠨ | ᠠᠵᠢᠯ ᠤᠨ ᠬᠠᠮᠢᠶ᠎ᠠ ᠪᠦᠬᠦᠢ ᠮᠡᠳᠡᠯᠭᠡ ᠶᠢ ᠡᠵᠡᠮᠰᠢᠨ᠂ ᠲᠤᠰ ᠰᠠᠯᠠᠭ᠎ᠠ ᠮᠥᠴᠢᠷ ᠪᠠ ᠳᠡᠭᠡᠳᠦ ᠱᠠᠲᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠪᠣᠯᠪᠠᠰᠤᠷᠠᠯ ᠳᠤ ᠣᠷᠣᠯᠴᠠᠬᠤ ᠬᠡᠷᠩᠳᠠᠢ᠃ | ᠬᠤᠷᠢᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠠᠵᠢᠯ ᠤᠨ ᠲᠣᠮᠳᠡ ᠪᠠᠨ | ᠣᠯᠵᠣ ᠮᠡᠳᠡᠭᠰᠡᠨ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ ᠮᠠᠲ᠋ᠧᠷᠢᠶᠠᠯ ᠪᠤᠶᠤ ᠮᠡᠳᠡᠭᠡ ᠵᠠᠩᠭᠢ ᠶᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠠᠴᠠ ᠪᠤᠰᠤᠳ ᠵᠣᠷᠢᠯᠭ᠎ᠠ ᠪᠠᠷ ᠬᠡᠷᠡᠭᠯᠡᠵᠦ ᠪᠣᠯᠬᠤ ᠦᠭᠡᠶ᠂ ᠵᠠᠰᠠᠭ | ᠵᠠᠬᠢᠷᠭᠠᠨ ᠤ ᠬᠠᠷᠢᠴᠠᠩᠭᠤᠶ ᠬᠥᠮᠦᠨ ᠤ ᠬᠤᠪᠢ ᠶᠢᠨ ᠮᠡᠳᠡᠭᠡ ᠵᠠᠩᠭᠢ ᠪᠠ ᠬᠤᠳᠠᠯᠳᠤᠭᠠᠨ ᠤ ᠨᠢᠭᠤᠴᠠ ᠶᠢ | ᠵᠠᠳᠠᠷᠠᠭᠤᠯᠬᠤ᠂ ᠬᠤᠪᠢᠷᠠᠭᠤᠯᠬᠤ ᠪᠠ ᠬᠠᠤᠯᠢ ᠪᠤᠰᠤ ᠪᠠᠷ ᠪᠤᠰᠤᠳ ᠲᠤ ᠬᠠᠩᠭᠠᠵᠤ ᠪᠣᠯᠬᠤ ᠦᠭᠡᠶ᠃ | ᠭᠤᠷᠪᠠᠳᠤᠭᠠᠷ ᠪᠦᠯᠦᠭ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠦᠪᠳᠡᠯᠴᠡᠨ ᠲᠣᠭᠲᠠᠭᠠᠵᠤ | ᠰᠢᠯᠭᠠᠨ ᠬᠢᠨᠠᠬᠤ | ᠬᠤᠷᠢᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠦᠪᠳᠡᠯᠴᠡᠨ ᠲᠣᠭᠲᠠᠭᠠᠵᠤ | ᠰᠢᠯᠭᠠᠨ ᠬᠢᠨᠠᠬᠤ ᠳᠤ ᠢᠯᠡ ᠲᠣᠳᠤ᠂ ᠡᠷᠬᠡ ᠲᠡᠭᠰᠢ᠂ ᠲᠦᠪ ᠭᠤᠤᠯᠴᠢ ᠪᠠᠶᠢᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃ | ᠵᠦᠪᠳᠡᠯᠴᠡᠨ ᠲᠣᠭᠲᠠᠭᠠᠵᠤ ᠰᠢᠯᠭᠠᠨ ᠬᠢᠨᠠᠭᠰᠠᠨ ᠪᠠᠶᠢᠳᠠᠯ ᠢ ᠵᠣᠬᠢᠰᠲᠠᠶ ᠠᠷᠭ᠎ᠠ ᠬᠡᠯᠪᠡᠷᠢ ᠪᠠᠷ ᠢᠯᠡ ᠪᠣᠯᠭᠠᠬᠤ | ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠬᠠᠷᠢᠶ᠎ᠠ ᠪᠣᠯᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠠ ᠳᠣᠣᠷᠠᠳᠤ ᠨᠢᠭᠡ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠦᠪᠳᠡᠯᠴᠡᠨ | ᠲᠣᠭᠲᠠᠭᠠᠵᠤ ᠰᠢᠯᠭᠠᠨ ᠬᠢᠨᠠᠬᠤ ᠠᠵᠢᠯ ᠢ ᠬᠠᠷᠢᠭᠤᠴᠠᠬᠤ ᠬᠡᠷᠩᠳᠡᠢ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠠᠷᠢᠶ᠎ᠠ ᠪᠣᠯᠬᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ ᠭᠤᠤᠯ ᠠᠭᠤᠯᠭ᠎ᠠ ᠳᠤ | ᠳᠣᠣᠷᠠᠬᠢ ᠵᠦᠢᠯ ᠢ ᠪᠠᠭᠲᠠᠭᠠᠪᠠᠯ ᠵᠣᠬᠢᠨ᠎ᠠ᠄ | ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠢᠷᠢ ᠬᠡᠮ ᠨᠢ ᠬᠠᠤᠯᠢ ᠳᠤ | ᠨᠡᠶᠢᠴᠡᠬᠦ ᠡᠰᠡᠬᠦ︔ | ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠨᠢ ᠬᠠᠤᠯᠢ ᠳᠤ ᠨᠡᠶᠢᠴᠡᠬᠦ ᠡᠰᠡᠬᠦ︔ | | ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠨᠢ ᠬᠠᠤᠯᠢ ᠳᠤ ᠨᠡᠶᠢᠴᠡᠬᠦ ᠪᠠ | ᠵᠣᠬᠢᠰᠲᠠᠶ ᠪᠠᠶᠢᠬᠤ ᠡᠰᠡᠬᠦ︔ | ︵ᠳᠥᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠳᠤ ᠬᠥᠳᠡᠯᠦᠩᠭᠦᠶ | ᠲᠣᠬᠢᠷᠠᠭᠤᠯᠤᠯᠲᠠ ᠬᠢᠭᠰᠡᠨ ᠡᠰᠡᠬᠦ︔ | ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢ ᠪᠣᠳᠠᠲᠠᠶ ᠬᠠᠤᠯᠢ ᠬᠡᠷᠡᠭᠵᠢᠭᠦᠯᠬᠦ | ᠪᠠᠶᠢᠭᠤᠯᠤᠮᠵᠢ᠂ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠳᠤ ᠬᠤᠪᠢᠶᠠᠷᠢᠯᠠᠭᠰᠠᠨ ᠡᠰᠡᠬᠦ︔ | ︵ᠵᠢᠷᠭᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠪᠣᠳᠠᠲᠠᠶ ᠬᠠᠤᠯᠢ | ᠬᠡᠷᠡᠭᠵᠢᠭᠦᠯᠬᠦ ᠪᠠᠶᠢᠭᠤᠯᠤᠮᠵᠢ᠂ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢᠨ ᠳᠠᠬᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠲᠠᠨ ᠬᠦᠷᠲᠡᠯ᠎ᠡ ᠲᠤᠳᠤᠷᠬᠠᠢ ᠲᠣᠭᠲᠠᠭᠠᠭᠰᠠᠨ ᠡᠰᠡᠬᠦ︔ | ︵ᠳᠣᠯᠤᠭ᠎ᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠨᠡᠶᠢᠲᠡ ᠳᠤ ᠵᠠᠷᠯᠠᠬᠤ᠂ ᠬᠠᠤᠯᠢ | ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ | ᠲᠦᠷᠢᠮ ᠤᠨ ᠬᠢᠨᠠᠨ ᠬᠠᠷᠭᠤᠭᠤᠯᠬᠤ ᠵᠡᠷᠭᠡ ᠲᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ︔ | ︵ᠨᠠᠢᠮᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠨᠢ ᠵᠢᠷᠤᠮᠵᠢᠭᠤᠨ ᠪᠠᠶᠢᠬᠤ ᠡᠰᠡᠬᠦ︔ | ︵ᠶᠢᠰᠦ︶ ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ ᠴᠢᠬᠤᠯᠨ ᠲᠠᠢ ᠪᠤᠰᠤᠳ ᠠᠭᠤᠯᠭ᠎ᠠ᠃ | ᠬᠤᠷᠢᠨ ᠲᠠᠪᠤᠳᠤᠭᠠᠷ ᠵᠦᠢᠯ ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ ᠳᠤ ᠪᠦᠬᠦ ᠣᠷᠣᠨ ᠤ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠮᠡᠳᠡᠭᠡ ᠵᠠᠩᠭᠢᠴᠢᠯᠠᠯᠲᠠ ᠶᠢᠨ ᠲᠠᠪᠴᠠᠩ ᠢ ᠬᠡᠷᠡᠭᠯᠡᠵᠦ᠂ | ᠡᠳᠦᠷ ᠲᠤᠲᠤᠮ ᠤᠨ ᠵᠦᠪᠳᠡᠯᠴᠡᠨ ᠲᠣᠭᠲᠠᠭᠠᠵᠤ ᠰᠢᠯᠭᠠᠨ ᠬᠢᠨᠠᠬᠤ ᠪᠠ ᠣᠨ ᠤ ᠵᠦᠪᠳᠡᠯᠴᠡᠨ ᠲᠣᠭᠲᠠᠭᠠᠵᠤ | ᠰᠢᠯᠭᠠᠨ ᠬᠢᠨᠠᠬᠤ ᠯᠤᠭ᠎ᠠ ᠤᠶᠠᠯᠳᠤᠭᠤᠯᠬᠤ᠂ ᠥᠪᠡᠰᠦᠪᠡᠨ ᠪᠠᠶᠢᠴᠠᠭᠠᠬᠤ ᠪᠠ ᠬᠠᠷᠢᠯᠴᠠᠨ ᠦᠨᠡᠯᠡᠬᠦ ᠶᠢ | ᠤᠶᠠᠯᠳᠤᠭᠤᠯᠬᠤ᠂ ᠳᠣᠲᠣᠭᠠᠳᠤ ᠳᠤ ᠪᠠᠨ ᠵᠦᠪᠳᠡᠯᠴᠡᠨ ᠲᠣᠭᠲᠠᠭᠠᠬᠤ ᠪᠠ ᠭᠠᠳᠠᠨ᠎ᠠ ᠲᠠᠯ᠎ᠠ ᠶᠢᠨ ᠵᠦᠪᠳᠡᠯᠴᠡᠨ | ᠲᠣᠭᠲᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠬᠤ ᠬᠡᠷᠩᠳᠠᠢ᠃ | ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠠᠵᠢᠯ ᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠣᠷᠣᠨ ᠢᠶᠠᠨ ᠬᠠᠤᠯᠢ ᠶᠣᠰᠣᠭᠠᠷ ᠵᠠᠰᠠᠬᠤ ᠰᠢᠯᠭᠠᠨ ᠬᠢᠨᠠᠬᠤ | ᠠᠵᠢᠯ ᠳᠤ ᠣᠷᠤᠭᠤᠯᠬᠤ ᠬᠡᠷᠡᠭᠲᠡᠢ᠃ | ᠳᠦᠷᠪᠡᠳᠦᠭᠡᠷ ᠪᠦᠯᠦᠭ ᠬᠠᠷᠢᠭᠤᠴᠠᠯᠭ᠎ᠠ ᠨᠡᠬᠡᠮᠵᠢᠯᠡᠬᠦ | ᠬᠤᠷᠢᠨ ᠳᠣᠯᠣᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠲᠤᠰ ᠲᠣᠭᠲᠠᠭᠠᠯ ᠤᠨ ᠱᠠᠭᠠᠷᠳᠠᠯᠭ᠎ᠠ ᠶᠣᠰᠣᠭᠠᠷ | ᠨᠠᠶᠢᠳᠠᠪᠤᠷᠢᠵᠢᠭᠤᠯᠤᠭᠰᠠᠨ ᠦᠭᠡᠶ ᠪᠣᠯ᠂ ᠬᠢᠨᠠᠯᠲᠠ ᠲᠠᠯᠪᠢᠵᠤ ᠬᠠᠮᠢᠶᠠᠷᠬᠤ ᠪᠠᠶᠢᠭᠤᠯᠭ᠎ᠠ ᠨᠢ ᠵᠠᠯᠠᠷᠠᠭᠤᠯᠬᠤ ᠪᠠᠷ | ᠵᠠᠷᠯᠢᠭᠳᠠᠬᠤ ᠬᠡᠷᠡᠭᠲᠡᠢ᠂ ᠬᠤᠭᠤᠴᠠᠭ᠎ᠠ ᠨᠢ ᠬᠡᠲᠦᠷᠡᠭᠰᠡᠨ ᠪᠠᠢᠲᠠᠯ᠎ᠠ ᠵᠠᠯᠠᠷᠠᠭᠤᠯᠤᠭᠰᠠᠨ ᠦᠭᠡᠶ ᠪᠣᠯ ᠨᠡᠪᠲᠡᠷᠡᠭᠦᠯᠦᠨ | ᠮᠡᠳᠡᠭᠡᠯᠡᠵᠦ ᠰᠢᠭᠦᠮᠵᠢᠯᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠰᠢᠭᠤᠳ ᠬᠠᠷᠢᠭᠤᠴᠠᠵᠤ ᠪᠠᠶᠢᠭ᠎ᠠ | ᠭᠤᠣᠯᠴᠢᠯᠠᠨ ᠬᠠᠮᠢᠶᠠᠷᠬᠤ ᠠᠵᠢᠯᠲᠠᠨ ᠪᠠ ᠪᠤᠰᠤᠳ ᠰᠢᠭᠤᠳ ᠬᠠᠷᠢᠭᠤᠴᠠᠬᠤ ᠠᠵᠢᠯᠲᠠᠨ ᠳᠤ ᠨᠢ ᠬᠠᠤᠯᠢ ᠶᠣᠰᠣᠭᠠᠷ | ᠰᠢᠢᠳᠭᠡᠯ ᠦᠭᠭᠦ ᠬᠡᠷᠩᠳᠠᠢ᠃ | ᠬᠤᠷᠢᠨ ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠨᠢ ᠬᠠᠤᠯᠢ ᠪᠠᠷ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠦᠭᠡᠢ᠂ ᠵᠤᠬᠢᠰ ᠦᠭᠡᠢ ᠬᠦᠢᠴᠡᠳᠬᠡᠬᠦ ᠪᠤᠶᠤ | ᠬᠠᠤᠯᠢ ᠠᠴᠠ ᠵᠥᠷᠢᠴᠡᠵᠦ ᠬᠦᠢᠴᠡᠳᠬᠡᠭᠰᠡᠨ ᠪᠠᠶᠢᠪᠠᠯ᠂ ᠠᠵᠢᠯᠯᠠᠵᠦ ᠪᠠᠶᠢᠭ᠎ᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠠᠴᠠ ᠪᠠᠶᠢᠳᠠᠯ ᠢ ᠨᠢ ᠦᠨᠳᠦᠰᠦᠯᠡᠨ ᠵᠣᠬᠢᠬᠤ ᠬᠡᠮᠵᠢᠶ᠎ᠡ ᠪᠠᠷ ᠰᠢᠢᠳᠬᠡᠨ᠎ᠡ︔ ᠦᠢᠯᠡ | ᠪᠠᠶᠢᠳᠠᠯ ᠨᠢ ᠬᠦᠨᠳᠦ ᠨᠣᠴᠢᠲᠠᠶ ᠪᠣᠯ ᠬᠠᠤᠯᠢ ᠶᠣᠰᠣᠭᠠᠷ ᠰᠢᠢᠳᠭᠡᠯ ᠦᠭᠭᠦᠨ᠎ᠡ︔ ᠶᠠᠯ᠎ᠠ ᠬᠢᠭᠰᠡᠨ ᠳᠤ | ᠲᠣᠭᠠᠴᠠᠭᠳᠠᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠩᠳᠠᠢ᠃ | ᠬᠤᠷᠢ ᠶᠢᠰᠦᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠲᠤᠰᠢᠶᠠᠯ ᠢᠶᠠᠨ | ᠬᠦᠢᠴᠡᠳᠭᠡᠭᠰᠡᠨ ᠳᠤ ᠬᠠᠷᠢᠭᠤᠴᠠᠯᠭ᠎ᠠ ᠶᠢ ᠨᠢ ᠬᠡᠯᠲᠦᠷᠢᠭᠦᠯᠬᠦ ᠳᠦᠷᠢᠮ ᠢ ᠪᠠᠶᠢᠭᠤᠯᠵᠤ᠂ ᠬᠠᠤᠯᠢ ᠶᠣᠰᠣᠭᠠᠷ ᠡᠭᠦᠷᠭᠡ | ᠬᠠᠷᠢᠭᠤᠴᠠᠯᠭ᠎ᠠ ᠪᠠᠨ ᠬᠦᠢᠴᠡᠳᠬᠡᠭᠰᠡᠨ ᠳᠤ ᠦᠨᠡᠯᠡᠨ ᠮᠠᠭᠠᠳᠯᠠᠬᠤ ᠪᠠᠷᠢᠮᠵᠢᠶ᠎ᠠ ᠶᠢ ᠨᠢ ᠲᠣᠳᠣᠷᠬᠠᠢ ᠲᠣᠭᠲᠠᠭᠠᠨ᠂ | ᠨᠥᠬᠦᠴᠡᠯ ᠳᠤ ᠨᠡᠶᠢᠴᠡᠭᠰᠡᠨ ᠪᠠᠶᠢᠪᠠᠯ ᠬᠠᠷᠢᠭᠤᠴᠠᠯᠭ᠎ᠠ ᠠᠴᠠ ᠨᠢ ᠬᠡᠯᠲᠦᠷᠢᠭᠦᠯᠵᠦ ᠪᠣᠯᠤᠨ᠎ᠠ᠃ | ᠭᠤᠴᠢᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠨᠢ ᠬᠠᠤᠯᠢ ᠶᠣᠰᠣᠭᠠᠷ ᠡᠭᠦᠷᠭᠡ | ᠬᠠᠷᠢᠭᠤᠴᠠᠯᠭ᠎ᠠ ᠪᠠᠨ ᠬᠦᠢᠴᠡᠳᠬᠡᠬᠦ ᠳᠤ ᠪᠠᠨ᠂ ᠶᠠᠮᠠᠷᠪᠠ ᠪᠠᠶᠢᠭᠤᠯᠭ᠎ᠠ ᠨᠢᠭᠡᠴᠢ ᠪᠠ ᠬᠤᠪᠢ ᠬᠥᠮᠦᠨ ᠤ ᠬᠠᠤᠯᠢ ᠪᠠᠷ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠂ ᠬᠠᠤᠯᠢ ᠪᠠᠷ ᠲᠣᠭᠲᠠᠭᠠᠭᠰᠠᠨ ᠶᠠᠪᠤᠴᠠ ᠶᠢ ᠵᠦᠷᠢᠴᠡᠬᠦ ᠪᠤᠶᠤ ᠲᠥᠪ | ᠭᠤᠤᠯᠴᠢ ᠪᠠᠷ ᠬᠠᠤᠯᠢ ᠬᠡᠷᠡᠭᠵᠢᠭᠦᠯᠬᠦ ᠶᠢ ᠬᠠᠷᠰᠢᠯᠠᠬᠤ ᠱᠠᠭᠠᠷᠳᠠᠯᠭ᠎ᠠ ᠶᠢ ᠨᠢ ᠲᠡᠪᠴᠢᠬᠦ ᠡᠷᠬᠡ ᠲᠠᠢ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠭᠠᠷ ᠲᠦᠷᠦᠭᠰᠡᠨ ᠪᠠᠶᠢᠳᠠᠯ ᠢ ᠦᠨᠡᠨ ᠮᠥᠨ ᠢᠶᠠᠷ ᠨᠢ ᠲᠡᠮᠲᠡᠭᠯᠡᠬᠦ | ᠬᠡᠷᠡᠭᠲᠡᠢ᠃ | ᠭᠤᠴᠢᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠳ ᠨᠢ ᠬᠠᠤᠯᠢ ᠶᠣᠰᠣᠭᠠᠷ | ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠭᠰᠡᠨ ᠠᠴᠠ ᠪᠤᠯᠵᠤ ᠦᠨᠡᠨ ᠪᠣᠳᠠᠲᠠᠶ ᠪᠤᠰᠤ ᠪᠠᠷ ᠢᠯᠡᠴᠢᠯᠡᠨ | ᠮᠡᠳᠡᠭᠦᠯᠣᠭ᠍ᠳᠡᠭᠦ᠂ ᠬᠦᠣᠡᠭᠡᠭᠳᠡᠨ ᠵᠠᠭᠠᠯᠳᠤᠭᠳᠠᠬᠤ ᠵᠢᠴᠢ ᠭᠦᠳᠭᠡᠭᠳᠡᠭᠰᠡᠨ᠂ ᠳᠤᠷᠤᠮᠵᠢᠯᠠᠭᠳᠠᠭᠰᠠᠨ ᠪᠠᠶᠢᠪᠠᠯ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠴᠠᠭ ᠲᠤᠬᠠᠶ ᠳᠤ ᠨᠢ ᠦᠨᠡᠨ ᠪᠣᠳᠠᠳᠠᠢ ᠪᠠᠶᠢᠳᠠᠯ ᠢ ᠨᠢ | ᠲᠣᠳᠣᠷᠬᠠᠶᠢᠯᠠᠨ᠂ ᠮᠠᠭᠤ ᠨᠥᠯᠥᠭᠡ ᠶᠢ ᠨᠢ ᠠᠷᠢᠯᠭᠠᠵᠤ᠂ ᠲᠡᠳᠡᠨ ᠤ ᠬᠠᠤᠯᠢ ᠶᠣᠰᠣᠨ ᠤ ᠡᠷᠬᠡ ᠠᠰᠢᠭ ᠢ ᠨᠢ | ᠬᠠᠮᠠᠭᠠᠯᠠᠬᠤ ᠬᠡᠷᠡᠭᠲᠡᠢ᠃ | ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ | ᠭᠤᠴᠢᠨ ᠬᠤᠶᠠᠳᠤᠭᠠᠷ ᠵᠦᠢᠯ ᠲᠤᠰ ᠲᠣᠭᠲᠠᠭᠠᠯ ᠢ 2021 ᠣᠨ ᠤ 11 ᠳ᠋ᠦ᠋ᠭᠡᠷ ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ 1999 ᠣᠨ ᠤ 9 ᠳ᠋ᠦ᠋ᠭᠡᠷ ᠰᠠᠷ᠎ᠠ ᠶᠢᠨ 5 ᠤ ᠡᠳᠦᠷ ᠨᠡᠶᠢᠲᠡᠯᠡᠭᠰᠡᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ | ᠲᠣᠭᠲᠠᠭᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠵᠠᠷᠯᠢᠭ 98 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃ | ᠬᠤᠪᠢᠳᠠᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠢᠩᠭᠤ ᠶᠢᠨ ᠭᠡᠰᠢᠭᠦᠨ᠂ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ | ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠡᠳ᠋ ᠡᠷᠬᠢᠯᠡᠭᠴᠢ᠃ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ | ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ | ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ | ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2021 ᠣᠨ ᠤ 9 ᠳ᠋ᠦ᠋ᠭᠡᠷ ᠰᠠᠷ᠎ᠠ ᠶᠢᠨ 2 ᠤᠨ ᠡᠳᠦᠷ ᠳᠠᠷᠤᠮᠠᠯᠯᠠᠨ ᠲᠠᠷᠬᠠᠭᠠᠪᠠ | | | | | | | | | | | ᠁ |