ᠬᠠᠭᠤᠴᠢᠨ ᠬᠤᠷᠤᠭ᠎ᠠ ᠪᠠᠯᠭᠠᠰᠤ᠄ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠨᠣᠴᠠᠲᠠᠢ ᠰᠠᠶᠢᠲᠤᠷ ᠠᠳᠬᠤᠨ᠎ᠠ
ᠨᠡᠶᠢᠲᠡᠯᠡᠭᠰᠡᠨ ᠴᠠᠭ᠄
2022/2/25
    ᠬᠠᠭᠤᠴᠢᠨ ᠬᠤᠷᠤᠭ᠎ᠠ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠮᠠᠭᠲᠠ ᠬᠠᠮᠤᠭ ᠤᠨ ᠴᠢᠬᠤᠯᠠ ᠠᠵᠢᠯ ᠪᠣᠯᠭᠠᠨ ᠪᠣᠳᠠᠲᠠᠶ ᠠᠳᠬᠤᠨ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠪᠠ᠃ ᠡᠯ᠎ᠡ ᠲᠣᠰᠬᠤᠨ᠂ ᠥᠷᠲᠡᠭᠡ ᠭᠠᠵᠠᠷ᠂ ᠰᠠᠯᠠᠭ᠎ᠠ ᠮᠥᠴᠢᠷ ᠰᠡᠷᠭᠡᠶᠢᠯᠡᠨ ᠡᠵᠡᠮᠳᠡᠬᠦ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠭᠤᠤᠯᠳᠠᠯᠭ᠎ᠠ ᠲᠠᠢ ᠴᠠᠭ ᠦᠶ᠎ᠡ᠂ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠬᠥᠮᠦᠰ ᠪᠣᠯᠤᠨ ᠭᠤᠤᠯᠳᠠᠯᠭ᠎ᠠ ᠲᠠᠢ ᠭᠤᠭᠴᠤᠭ᠎ᠠ ᠶᠢᠨ ᠰᠡᠷᠭᠡᠶᠢᠯᠡᠨ ᠡᠵᠡᠮᠳᠡᠬᠦ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠪᠥᠬᠦ ᠪᠠᠯᠭᠠᠰᠤᠨ ᠤ ᠬᠡᠪᠴᠢᠶᠡᠨ ᠳᠤ ᠵᠠᠰᠠᠭ ᠤᠨ ᠣᠷᠳᠣᠨ ᠤᠳᠤᠷᠢᠳᠤᠭᠰᠠᠨ᠂ ᠨᠡᠶᠢᠭᠡᠮ ᠳᠠᠶᠠᠭᠠᠷ ᠣᠷᠣᠯᠴᠠᠭᠰᠠᠨ᠂ ᠰᠡᠷᠭᠡᠶᠢᠯᠡᠨ ᠵᠠᠰᠠᠬᠤ ᠶᠢ ᠤᠶᠠᠯᠳᠤᠭᠤᠯᠤᠭᠰᠠᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠭᠰᠡᠨ ︽ᠬᠢᠵᠢᠭ︾ ᠲᠠᠢ ᠲᠡᠮᠡᠴᠡᠬᠦ ᠰᠢᠨ᠎ᠡ ᠪᠠᠶᠢᠷᠢᠰᠢᠯ ᠢ ᠪᠦᠷᠢᠯᠳᠦᠭᠦᠯᠪᠡ᠃      ᠤᠬᠠᠭᠤᠯᠭ᠎ᠠ ᠶᠢᠨ ᠠᠷᠭ᠎ᠠ ᠬᠡᠮᠵᠢᠶ᠎ᠡ ᠶᠢ ᠪᠤᠳᠠᠲᠠᠶᠢᠵᠢᠭᠤᠯᠪᠠ᠃ ᠡᠯ᠎ᠡ ᠲᠣᠰᠬᠤᠨ ᠤ ᠯᠠᠪᠠᠷ ᠡᠳᠦᠷ ᠪᠦᠷᠢ ᠥᠷᠯᠥᠭᠡ᠂ ᠦᠳᠡ᠂ ᠣᠷᠣᠢ ᠬᠢᠵᠢᠭ ᠰᠡᠷᠭᠡᠶᠢᠯᠡᠬᠦ ᠮᠡᠳᠡᠯᠭᠡ ᠶᠢ ᠨᠢᠭᠡ ᠤᠳᠠᠭ᠎ᠠ ᠨᠡᠪᠲᠡᠷᠡᠭᠦᠯᠬᠦ ᠶᠢᠨ ᠬᠠᠮᠲᠤ ᠡᠯ᠎ᠡ ᠲᠣᠰᠬᠤᠨ ᠳᠤ ᠬᠠᠮᠤᠭ ᠤᠨ ᠰᠢᠨ᠎ᠡ ᠬᠢᠵᠢᠭ ᠰᠡᠷᠭᠡᠶᠢᠯᠡᠬᠦ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠵᠢᠴᠢ ᠴᠢᠬᠤᠯᠠ ᠰᠠᠨᠠᠭᠤᠯᠤᠮᠵᠢ ᠲᠠᠷᠬᠠᠭᠠᠵᠤ᠂ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠣᠶᠢᠯᠠᠭᠠᠬᠤ ᠪᠠ ᠵᠢᠷᠤᠮᠯᠠᠬᠤ ᠶᠢ ᠦᠨᠡᠨᠬᠦ ᠪᠠᠲᠤᠯᠠᠪᠠ᠃ ᠪᠥᠬᠦ ᠪᠠᠯᠭᠠᠰᠤᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠡᠲᠦ ᠳᠡᠯᠭᠡᠭᠦᠷ᠂ ᠢᠳᠡᠭᠡᠨ ᠤᠮᠳᠠᠭᠠᠨ ᠤ ᠠᠵᠤ ᠠᠬᠤᠶᠢᠯᠠᠯ ᠵᠡᠷᠭᠡ ᠲᠠᠯᠠᠪᠤᠷ ᠲᠤ ᠲᠣᠭᠲᠠᠮᠠᠯ ᠪᠤᠰᠤ ᠬᠤᠭᠤᠴᠠᠭ᠎ᠠ ᠲᠠᠢ ᠪᠠᠶᠢᠴᠠᠭᠠᠯᠲᠠ ᠬᠢᠵᠦ᠂ ᠣᠷᠴᠢᠨ ᠲᠣᠭᠤᠷᠢᠨ᠂ ᠢᠳᠡᠭᠡᠨ ᠤ ᠪᠠᠶᠢᠴᠠᠭᠠᠨ ᠬᠡᠮᠵᠢᠯᠲᠡ ᠵᠢᠴᠢ ᠠᠵᠢᠯᠲᠠᠨ ᠤ ᠬᠢᠵᠢᠭ ᠢ ᠰᠡᠷᠭᠡᠶᠢᠯᠡᠬᠦ ᠵᠡᠷᠭᠡ ᠮᠡᠳᠡᠯᠭᠡ ᠶᠢ ᠤᠬᠠᠭᠤᠯᠪᠠ᠃      ᠪᠦᠬᠦ ᠲᠠᠯ᠎ᠠ ᠪᠠᠷ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠪᠠ᠃ ︽ᠡᠷᠦᠬᠡ ᠳᠠᠩᠰᠠᠯᠠᠬᠤ᠂ ᠳᠤᠭᠤᠶᠢᠯᠠᠩ ᠪᠠᠶᠢᠳᠠᠯ ᠢ ᠣᠶᠢᠯᠠᠭᠠᠬᠤ᠂ ᠲᠣᠰᠬᠤᠨ ᠮᠡᠳᠡᠭᠦᠯᠬᠦ᠂  ᠪᠠᠯᠭᠠᠰᠤ ᠥᠯᠢᠭᠡᠷ ᠠᠪᠬᠤ᠂ ᠲᠣᠭᠤᠷᠢᠭ ᠰᠢᠯᠭᠠᠨ ᠪᠠᠶᠢᠴᠠᠭᠠᠬᠤ︾  ᠬᠢᠵᠢᠭ ᠢ ᠰᠡᠷᠭᠡᠶᠢᠯᠡᠬᠦ ᠠᠵᠢᠯ ᠤᠨ ᠶᠠᠪᠤᠴᠠ ᠶᠣᠰᠣᠭᠠᠷ᠂ ᠪᠠᠯᠭᠠᠰᠤ᠂ ᠲᠣᠰᠬᠤᠨ᠂ ᠳᠤᠭᠤᠶᠢᠯᠠᠩ ᠭᠤᠷᠪᠠᠨ ᠱᠠᠲᠤᠨ ᠤ ᠺᠠᠳ᠋ᠷ ᠪᠥᠬᠦ ᠲᠠᠯ᠎ᠠ ᠪᠠᠷ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠲᠣᠰᠬᠤᠨ ᠤ ᠳᠤᠭᠤᠶᠢᠯᠠᠩ ᠤᠨ ᠲᠤᠤᠷᠵᠢᠭᠰᠠᠨ ᠬᠠᠮᠢᠶᠠᠷᠤᠯᠲᠠ ᠶᠢᠨ ᠠᠵᠢᠯᠲᠠᠨ ᠤᠲᠠᠰᠤ᠂ ᠸᠢᠴᠠᠲ ᠢᠶᠠᠷ ᠨᠤᠲᠤᠭ ᠲᠠᠭᠠᠨ ᠪᠤᠴᠠᠭᠰᠠᠳ ᠲᠠᠢ ᠬᠠᠷᠢᠯᠴᠠᠵᠤ᠂ ᠡᠳᠦᠷ ᠪᠦᠷᠢ ᠭᠠᠳᠠᠷ ᠮᠤᠵᠢ ᠶᠢᠨ ᠨᠤᠲᠤᠭ ᠲᠠᠭᠠᠨ ᠪᠤᠴᠠᠭᠰᠠᠳ ᠤᠨ ᠮᠡᠳᠡᠭᠡ ᠵᠠᠩᠭᠢ ᠶᠢ ᠪᠠᠯᠭᠠᠰᠤᠨ ᠤ ᠬᠢᠵᠢᠭ ᠢ ᠰᠡᠷᠭᠡᠶᠢᠯᠡᠬᠦ ᠵᠢᠯᠣᠭᠤᠳᠬᠤ ᠭᠠᠵᠠᠷ ᠲᠤ ᠤᠷᠢᠳᠴᠢᠯᠠᠨ ᠮᠡᠳᠡᠭᠦᠯᠦᠨ᠎ᠡ᠃ ᠣᠳᠣᠬᠠᠨ ᠪᠣᠯᠲᠠᠯ᠎ᠠ᠂ ᠪᠥᠬᠦ ᠪᠠᠯᠭᠠᠰᠤᠨ ᠤ ᠭᠠᠳᠠᠷ ᠣᠷᠣᠨ ᠠᠴᠠ ᠨᠤᠲᠤᠭ ᠲᠠᠭᠠᠨ ᠪᠤᠴᠠᠭᠰᠠᠨ 600 ᠭᠠᠷᠤᠶ ᠬᠥᠮᠦᠨ ᠢ ᠵᠢᠭᠰᠠᠭᠠᠨ ᠪᠠᠶᠢᠴᠠᠭᠠᠵᠤ᠂ ᠡᠭᠦᠨ ᠳᠤ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠨᠤᠲᠤᠭ ᠲᠠᠭᠠᠨ  ᠪᠤᠴᠠᠭᠰᠠᠨ ᠬᠦᠮᠦᠨ 16 ᠪᠠᠶᠢᠨ᠎ᠠ᠃ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠡᠳᠦᠷ ᠪᠦᠷᠢ ᠪᠥᠭᠡᠮ ᠬᠦᠴᠢᠯ ᠤᠨ ᠥᠯᠢᠭᠡᠷ ᠶᠠᠩᠵᠤ ᠠᠪᠬᠤ ᠶᠢ ᠲᠣᠬᠢᠷᠠᠭᠤᠯᠵᠤ᠂ ᠪᠠᠯᠭᠠᠰᠤᠨ ᠤ ᠺᠠᠳ᠋ᠷᠴᠤᠳ ᠡᠷᠡᠭᠦᠯ ᠬᠠᠮᠠᠭᠠᠯᠠᠯ ᠤᠨ ᠬᠤᠷᠢᠶᠠᠨ ᠤ ᠥᠯᠢᠭᠡᠷ ᠶᠠᠩᠵᠤ ᠠᠪᠬᠤ ᠲᠤᠬᠠᠶ ᠶᠢᠨ ᠲᠠᠯᠠᠪᠤᠷ ᠲᠤ ᠡᠮᠬᠢ ᠵᠢᠷᠤᠮ ᠢ ᠬᠠᠮᠠᠭᠠᠯᠠᠵᠤ᠂ ᠬᠢᠵᠢᠭ ᠢ ᠰᠡᠷᠭᠡᠶᠢᠯᠡᠬᠦ ᠮᠡᠳᠡᠯᠭᠡ ᠶᠢ ᠤᠬᠠᠭᠤᠯᠵᠤ᠂ ᠠᠵᠢᠯ ᠢᠶᠠᠨ ᠵᠣᠬᠢᠴᠠᠭᠤᠯᠤᠨ᠎ᠠ᠃  
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号